ᠪᠠᠷᠠᠭᠤᠨ ᠦᠵᠦᠮᠦᠴᠢᠨ ᠬᠤᠰᠢᠭᠤ ︽ᠤᠯᠤᠰ ᠢᠶᠠᠨ ᠬᠦᠴᠦᠷᠬᠡᠭᠵᠢᠭᠦᠯᠬᠦ ᠳᠤ ᠬᠦᠴᠦ ᠪᠠᠨ ᠡᠷᠭᠦᠶ᠎ᠡ︾ ᠭᠡᠬᠦ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/6
                         2 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠬᠤᠰᠢᠭᠤ ᠡᠪᠯᠡᠯ ᠤᠨ ᠬᠤᠷᠢᠶ᠎ᠠ ᠬᠠᠮᠲᠤᠷᠠᠨ ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ︽ᠤᠯᠤᠰ ᠢᠶᠠᠨ ᠬᠦᠴᠦᠷᠬᠡᠭᠵᠢᠭᠦᠯᠬᠦ ᠳᠤ ᠬᠦᠴᠦ ᠪᠠᠨ ᠡᠷᠭᠦᠶ᠎ᠡ︾ ᠭᠡᠬᠦ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠤᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃      ᠬᠢᠴᠢᠶᠡᠯ ᠳᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠭᠤᠣᠯ ᠲᠠᠶᠢᠯᠪᠤᠷᠢᠯᠠᠭᠴᠢ ᠠᠴᠠ ︽ᠶᠠᠭᠤ ᠶᠢ ᠤᠯᠤᠰ ᠤᠨ ᠪᠠᠲᠤᠯᠠᠨ ᠬᠠᠮᠠᠭᠠᠯᠠᠯᠲᠠ ᠭᠡᠬᠦ ᠪᠣᠶ︾ ᠭᠡᠬᠦ ᠰᠡᠳᠦᠪ ᠠᠴᠠ ᠡᠬᠢᠯᠡᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠤᠯᠠᠨ ᠲᠠᠯ᠎ᠠ ᠠᠴᠠ ᠡᠬᠡ ᠤᠯᠤᠰ ᠤᠨ ᠬᠥᠭᠵᠢᠯ ᠪᠠᠳᠠᠷᠠᠯ ᠬᠦᠴᠦᠷᠬᠡᠭᠵᠢᠯ ᠢ ᠲᠣᠳᠣᠷᠬᠠᠢ ᠲᠠᠶᠢᠯᠪᠤᠷᠢᠯᠠᠪᠠ᠃ ᠲᠠᠶᠢᠯᠤᠮᠵᠢ ᠪᠠᠷ ᠳᠠᠮᠵᠢᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠴᠢᠬᠤᠯᠠ ᠴᠢᠨᠠᠷ ᠢ ᠣᠯᠠᠨ ᠳᠤ ᠣᠶᠢᠯᠠᠭᠠᠭᠤᠯᠵᠤ᠂ ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠤᠬᠠᠮᠰᠠᠷ ᠢ ᠭᠦᠨᠵᠡᠭᠡᠶᠢᠷᠡᠭᠦᠯᠵᠡᠢ᠃ ᠡᠭᠦᠨ ᠤ ᠬᠠᠮᠲᠤ᠂ ᠰᠤᠷᠤᠭᠴᠢᠳ ᠲᠤ ᠭᠠᠯ ᠤᠨᠲᠠᠷᠠᠭᠠᠬᠤ ᠬᠡᠷᠡᠭᠰᠡᠯ ᠳᠦᠬᠦᠭᠡᠷᠦᠮᠵᠢ ᠵᠢᠴᠢ ᠭᠠᠯ ᠤᠨ ᠠᠶᠤᠯ ᠠᠴᠠ ᠬᠡᠷᠬᠢᠨ ᠵᠠᠶᠢᠯᠠᠬᠤ ᠵᠡᠷᠭᠡ ᠬᠠᠮᠢᠶ᠎ᠠ ᠪᠦᠬᠦᠢ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠵᠤ ᠥᠭᠪᠡ᠃      ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠠᠵᠢᠯᠲᠠᠨ ᠰᠦᠨ ᠴᠢᠩ ᠢᠦᠢ ᠰᠤᠷᠭᠠᠭᠤᠯᠢ ᠳᠤ ᠬᠦᠷᠴᠦ ᠰᠤᠷᠤᠭᠴᠢᠳ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠢᠴᠢᠶᠡᠯ ᠣᠷᠣᠵᠤ᠂ ᠬᠡᠦᠬᠡᠳ ᠤᠳ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠴᠢᠬᠤᠯᠠ ᠴᠢᠨᠠᠷ ᠢ ᠣᠶᠢᠯᠠᠭᠠᠭᠤᠯᠤᠨ᠂ ᠤᠯᠤᠰ ᠢᠶᠠᠨ ᠬᠦᠴᠦᠷᠬᠡᠭᠵᠢᠭᠦᠯᠬᠦ᠂ ᠴᠡᠷᠢᠭ ᠢᠶᠠᠨ ᠬᠦᠴᠦᠷᠬᠡᠭᠵᠢᠭᠦᠯᠬᠦ ᠬᠦᠰᠡᠯ ᠵᠣᠷᠢᠯᠲᠠ ᠶᠢ ᠨᠢ ᠬᠦᠮᠦᠵᠢᠭᠦᠯᠵᠡᠢ᠃ ᠠᠵᠢᠯᠯᠠᠭ᠎ᠠ   ᠨᠢ ᠰᠤᠷᠤᠭᠴᠢᠳ ᠵᠣᠷᠢᠭᠵᠢᠭᠤᠯᠤᠯ  ᠪᠤᠯᠵᠦ᠂ ᠰᠢᠷᠭᠠᠭᠤ ᠬᠠᠲᠠᠭᠤᠵᠢᠯᠲᠠᠢ ᠪᠠᠷ ᠰᠤᠷᠤᠯᠴᠠᠵᠤ᠂ ᠡᠬᠡ ᠤᠯᠤᠰ ᠲᠠᠭᠠᠨ ᠬᠦᠴᠦ ᠪᠠᠨ ᠡᠷᠭᠦᠨ᠎ᠡ ᠭᠡᠵᠦ ᠢᠯᠡᠷᠬᠡᠶᠢᠯᠡᠪᠡ᠃     ᠪᠠᠭᠠᠴᠤᠳ ᠬᠦᠴᠦᠷᠬᠡᠭ ᠪᠣᠯ ᠤᠯᠤᠰ ᠬᠦᠴᠦᠷᠬᠡᠭ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢᠶᠠᠷ ᠭᠤᠣᠯ ᠠᠭᠤᠯᠭ᠎ᠠ ᠪᠣᠯᠭᠠᠭᠰᠠᠨ  ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠨᠢ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠬᠤ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠣᠨ᠎ᠠ᠃ ᠮᠥᠨ ᠴᠦ ᠲᠤᠰ ᠬᠢᠴᠢᠶᠡᠯ ᠢᠶᠠᠷ ᠳᠠᠮᠵᠢᠭᠤᠯᠤᠨ ᠰᠤᠷᠤᠭᠴᠢᠳ ᠤᠨ ᠴᠡᠷᠢᠭ ᠬᠥᠮᠥᠨ ᠤ ᠰᠢᠯᠢᠳᠡᠭ ᠰᠤᠷᠲᠠᠯ ᠢ ᠪᠠᠳᠠᠷᠠᠭᠤᠯᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠬᠦᠴᠢᠷᠳᠡᠯ ᠲᠤᠯᠭᠠᠷᠠᠪᠠᠯ ᠵᠣᠷᠢᠭᠲᠠᠢ ᠪᠠᠷ ᠢᠯᠠᠨ ᠳᠠᠪᠠᠵᠤ᠂ ᠡᠬᠡ ᠤᠯᠤᠰ ᠲᠠᠭᠠᠨ ᠬᠦᠴᠦ ᠪᠠᠨ ᠡᠷᠭᠦᠬᠦ ᠤᠭ ᠰᠠᠨᠠᠭ᠎ᠠ ᠪᠠᠨ ᠴᠠᠭ ᠢᠮᠠᠭᠲᠠ ᠪᠠᠷᠢᠮᠲᠠᠯᠠᠬᠤ ᠶᠢ ᠵᠣᠷᠢᠭᠵᠢᠭᠤᠯᠤᠭᠰᠠᠨ ᠪᠠᠶᠢᠨ᠎ᠠ᠃     ᠣᠶᠢᠯᠠᠭᠠᠭᠰᠠᠨ ᠢᠶᠠᠷ᠂ ᠲᠣᠰ ᠤᠳᠠᠭᠠᠨ ‍ᠤ‌ᠠᠵᠢᠯᠯᠠᠭ᠎ᠠ  ᠨᠢ  ᠭᠤᠷᠪᠠᠨ ᠡᠳᠦᠷ   ᠤᠨ ᠬᠤᠭᠤᠴᠠᠭ᠎ᠠ ᠲᠠᠢ ᠶᠠᠪᠤᠭᠳᠠᠨ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠴᠥᠮ ᠥᠷᠨᠢᠭᠦᠯᠬᠦ ᠪᠣᠯᠣᠨ᠎ᠠ᠃ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠨᠢ ᠵᠥᠪᠬᠡᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠢᠴᠢᠶᠡᠯ ᠲᠡᠳᠦᠢ    ᠪᠢᠰᠢ᠂  ᠬᠠᠷᠢᠨ ᠬᠡᠪ ᠴᠢᠨᠠᠷ ᠤᠨ ᠰᠤᠷᠭᠠᠨ ᠬᠥᠮᠦᠵᠢᠯ ᠤᠨ ᠬᠢᠴᠢᠶᠡᠯ᠂ ᠦᠵᠡᠯ ᠰᠠᠨᠠᠭ᠎ᠠ ᠶᠣᠰᠣ ᠰᠤᠷᠲᠠᠬᠤᠨ ᠤ ᠬᠢᠴᠢᠶᠡᠯ ᠪᠠᠶᠢᠵᠤ᠂ ᠥᠷᠭᠡᠨ ᠤᠯᠠᠨ ᠪᠠᠭᠠᠴᠤᠳ ᠤᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠬᠤᠪᠢᠰᠬᠠᠯᠲᠤ ᠤᠯᠠᠮᠵᠢᠯᠠᠯ ᠢ ᠪᠠᠳᠠᠷᠠᠭᠤᠯᠵᠤ᠂  ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠪᠣᠳᠠᠲᠤ ᠠᠵᠢᠯᠯᠠᠭ᠎ᠠ ᠪᠠᠷ ᠢᠶᠠᠨ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾  ᠶᠢᠨ ᠲᠥᠯᠥᠭᠡ ᠴᠢᠷᠮᠠᠶᠢᠨ ᠰᠤᠷᠤᠯᠴᠠᠬᠤ ᠶᠢ ᠬᠥᠲᠥᠯᠥᠨ ᠵᠢᠯᠣᠭᠤᠳᠬᠤ ᠪᠠᠷ ᠵᠣᠷᠢᠯᠭ᠎ᠠ ᠪᠣᠯᠭᠠᠭᠰᠠᠨ ᠤᠳᠬ᠎ᠠ ᠠᠭᠤᠯᠭ᠎ᠠ ᠭᠦᠨᠵᠡᠭᠡᠢ ᠬᠢᠴᠢᠶᠡᠯ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ  ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号