ᠮᠧᠩ ᠼᠣᠣ ︵ᠪᠠᠷᠠᠭᠤᠨ ᠦᠵᠦᠮᠦᠴᠢᠨ︶ ᠡᠪᠡᠰᠦᠨ ᠤ ᠦᠶᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠡᠪᠡᠰᠦ ᠪᠣᠷᠳᠤᠭ᠎ᠠ ᠤᠯᠭᠤᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2024/3/6
     ᠬᠠᠪᠤᠷ ᠤᠨ ᠤᠯᠠᠷᠢᠯ ᠤᠨ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠲᠡᠵᠢᠭᠡᠯ ᠡᠪᠡᠰᠦ ᠪᠣᠷᠳᠤᠭ᠎ᠠ ᠬᠠᠩᠭᠠᠵᠤ᠂ ᠲᠥᠯ ᠲᠤᠰᠬᠤ ᠪᠠ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠬᠡᠭᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠠᠭᠤᠷᠠᠶ ᠨᠤᠭᠤᠭᠠᠨ ᠡᠪᠡᠰᠦ ᠲᠠᠷᠬᠠᠭᠠᠬᠤ ᠪᠠᠷ ᠲᠥᠯᠥᠪᠯᠡᠵᠦ᠂ ᠪᠥᠬᠦ ᠬᠤᠰᠢᠭᠤᠨ ᠤ ᠮᠠᠯᠵᠢᠬᠤ ᠣᠷᠣᠨ ᠤ ᠡᠷᠦᠬᠡ ᠠᠮᠠ ᠶᠢᠨ ᠲᠠᠩᠰᠠ ᠲᠠᠢ  ᠪᠤᠷᠳᠤᠨ ᠲᠡᠵᠢᠬᠡᠭᠦ ᠮᠠᠯᠵᠢᠬᠤ ᠡᠷᠦᠬᠡ ᠳᠤ ᠬᠠᠨᠳᠤᠭᠤᠯᠤᠨ ᠪᠣᠷᠣᠯᠠᠭᠤᠯᠤᠨ᠎ᠠ᠂ ᠡᠳᠦᠬᠡ ᠬᠠᠭᠤᠷᠠᠶ ᠨᠤᠭᠤᠭᠠᠨ ᠡᠪᠡᠰᠦᠨ ᠤ ᠬᠤᠳᠠᠯᠳᠤᠬᠤ ᠦᠨ᠎ᠡ᠂ ᠲᠤᠭ᠎ᠠ ᠬᠡᠮᠵᠢᠶ᠎ᠡ᠂ ᠪᠠᠷᠢᠮᠵᠢᠶ᠎ᠠ᠂ ᠴᠢᠨᠠᠷ ᠴᠢᠨᠰᠠᠭ᠎ᠠ ᠵᠡᠷᠭᠡ ᠶᠢ ᠳᠣᠤᠷᠠᠬᠢ ᠮᠡᠲᠦ ᠵᠠᠷᠯᠠᠶ᠎ᠠ᠄      ᠨᠢᠭᠡ᠂ ᠲᠡᠵᠢᠭᠡᠯ ᠡᠪᠡᠰᠦᠨ ᠤ ᠲᠥᠷᠥᠯ ᠵᠦᠢᠯ ᠵᠢᠴᠢ ᠦᠨ᠎ᠡ ᠬᠠᠩᠰᠢ
     ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠨᠢ ᠮᠠᠯᠴᠢᠳ ᠤᠨ ᠡᠪᠡᠰᠦ ᠪᠣᠷᠳᠤᠭ᠎ᠠ ᠶᠢᠨ ᠵᠣᠭᠤᠰ ᠢ ᠳᠡᠭᠡᠷᠡᠬᠢ ᠦᠨ᠎ᠡ ᠬᠠᠩᠰᠢ ᠪᠠᠷ ᠬᠤᠷᠢᠶᠠᠨ᠎ᠠ᠃ ᠡᠪᠡᠰᠦ ᠪᠣᠷᠳᠤᠭ᠎ᠠ ᠲᠡᠭᠡᠭᠡᠪᠦᠷᠢᠯᠡᠬᠦ ᠲᠡᠷᠭᠡ᠂ ᠲᠡᠭᠡᠭᠡᠵᠦ   ᠪᠠᠭᠤᠯᠭᠠᠬᠤ᠂ ᠰᠢᠳᠠᠮᠠᠭᠠᠢ ᠲᠣᠰᠣ ᠵᠡᠷᠭᠡ ᠪᠤᠰᠤᠳ ᠵᠠᠷᠤᠳᠠᠯ ᠢ ᠮᠠᠯᠵᠢᠬᠤ ᠡᠷᠦᠬᠡ ᠦᠪᠡᠷᠳᠡᠬᠡᠨ ᠬᠠᠷᠢᠭᠤᠴᠠᠨ᠎ᠠ᠃      ᠬᠤᠶᠠᠷ᠂ ᠡᠪᠡᠰᠦ ᠪᠤᠷᠳᠤᠭ᠎ᠠ᠂ ᠣᠯᠭᠤᠬᠤ ᠵᠢᠴᠢ ᠨᠦᠭᠦᠪᠦᠷᠢ ᠤᠯᠭᠤᠬᠤ ᠡᠲᠡᠭᠡᠳᠪᠠᠷᠠᠭᠤᠨ ᠦᠵᠦᠮᠦᠴᠢᠨ ᠬᠤᠰᠢᠭᠤᠨ ᠤ ᠮᠠᠯ ᠠᠵᠤ ᠠᠬᠤᠶ ᠶᠢᠨ ᠡᠷᠦᠬᠡ ᠠᠮᠠ ᠶᠢᠨ ᠲᠠᠩᠰᠠ ᠲᠠᠢ ᠪᠤᠷᠳᠤᠨ ᠲᠡᠵᠢᠬᠡᠭᠦ ᠮᠠᠯᠵᠢᠬᠤ ᠡᠷᠦᠬᠡ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠵᠤ᠂ ᠮᠠᠯ ᠪᠡᠯᠴᠢᠭᠡᠷ  ᠤᠨ ᠲᠡᠩᠴᠡᠭᠦᠷᠢ ᠶᠢ ᠪᠠᠲᠤᠯᠠᠬᠤ ᠲᠦᠷᠢᠮ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠭ᠊ ︵ᠪᠡᠯᠴᠢᠭᠡᠷᠯᠡᠭᠦᠯᠬᠦ ᠶᠢ  ᠵᠤᠭᠰᠤᠭᠠᠬᠤ︶ ᠲᠦᠷᠢᠮ ᠢ ᠬᠡᠷᠡᠭᠵᠢᠭᠦᠯᠵᠦ ᠪᠠᠶᠢᠭ᠎ᠠ ᠮᠠᠯᠵᠢᠬᠤ   ᠡᠷᠦᠬᠡ᠂ ᠬᠠᠪᠤᠷ ᠤᠨ ᠤᠯᠠᠷᠢᠯ ᠤᠨ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠲᠠᠩᠰᠠ ᠪᠠᠶᠢᠭᠤᠯᠤᠭᠰᠠᠨ ᠶᠠᠳᠠᠭᠤ  ᠠᠴᠠ ᠠᠩᠭᠢᠵᠢᠷᠠᠭᠰᠠᠨ ᠡᠷᠦᠭ᠊᠂ ᠬᠢᠨᠠᠨ ᠪᠠᠶᠢᠴᠠᠭᠠᠬᠤ ᠡᠷᠦᠬᠡ᠃  ᠬᠠᠭᠤᠷᠠᠶ ᠨᠤᠭᠤᠭᠠᠨ ᠡᠪᠡᠰᠦ ᠶᠢᠨ ᠤᠯᠭᠤᠬᠤ ᠬᠡᠮᠵᠢᠶ᠎ᠡ ᠨᠢ ᠲᠣᠰ ᠲᠣᠰ 5 ᠲᠣᠨ ᠠᠴᠠ ᠬᠡᠳᠦᠷᠡᠭᠦᠯᠭᠦ ᠦᠬᠡᠢ ᠪᠥᠭᠡᠳ ᠭᠠᠴᠠᠭ᠎ᠠ ᠪᠠᠷ ᠨᠢᠭᠡᠴᠢ ᠪᠣᠯᠭᠠᠨ 7 ᠡᠳᠦᠷ ᠵᠠᠷᠯᠠᠨ ᠨᠡᠶᠢᠲᠡᠯᠡᠨ᠎ᠡ  ᠃      ᠭᠤᠷᠪᠠ᠂ ᠡᠪᠡᠰᠦ ᠪᠤᠷᠳᠤᠭ᠎ᠠ ᠤᠯᠭᠤᠬᠤ ᠭᠠᠵᠠᠷ᠂ ᠬᠠᠷᠢᠯᠴᠠᠬᠤ ᠬᠥᠮᠦᠨᠡᠪᠡᠰᠦ ᠪᠣᠷᠳᠤᠭ᠎ᠠ ᠨᠥᠭᠡᠴᠡᠯᠡᠬᠦ ᠪᠠᠶᠢᠭᠤᠯᠭ᠎ᠠ ᠨᠢᠭᠡᠴᠡ᠄  ᠮᠧᠩ ᠼᠣᠣ ︵ᠪᠠᠷᠠᠭᠤᠨ ᠦᠵᠦᠮᠦᠴᠢᠨ ᠬᠤᠰᠢᠭᠤ︶ ᠡᠪᠡᠰᠦᠨ ᠤ ᠦᠶᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠺᠣᠮᠫᠠᠨᠢ ᠶᠢᠨ ᠬᠠᠷᠢᠯᠴᠠᠬᠤ ᠬᠥᠮᠦᠨ᠄  ᠵᠠᠩ ᠯᠧ            13614718229                                 ᠶᠤᠸᠠᠨ ᡁᠢ ᠶᠤᠸᠠᠨ    13347164159     ᠡᠪᠡᠰᠦ ᠪᠣᠷᠳᠤᠭ᠎ᠠ ᠲᠠᠷᠬᠠᠭᠠᠬᠤ ᠭᠠᠵᠠᠷ᠄  ᠴᠢᠨ ᠯᠢᠦᠢ ᠭᠦᠢᠡᠳᠡᠨ ᠭᠦᠮᠦᠷᠬᠡᠨ ᠤ ᠬᠤᠶᠢᠳᠦ ᠲᠠᠯ᠎ᠠ ᠳᠤ ᠵᠠᠮ  ᠤᠨ ᠵᠡᠭᠦᠨ     ᠳᠥᠷᠪᠡ᠂ ᠣᠯᠭᠤᠬᠤ ᠡᠳᠤᠷ ᠬᠤᠭᠤᠴᠠᠭ᠎ᠠ᠄     2024 ᠣᠨ ᠤ 3 ᠰᠠᠷ᠎ᠠ ᠶᠢᠨ 4 ᠤ ᠡᠳᠦᠷ ᠠᠴᠠ 4 ᠰᠠᠷ᠎ᠠ ᠶᠢᠨ 1 ᠤ ᠡᠳᠦᠷ ᠪᠣᠯᠲᠠᠯ᠎ᠠ᠂ ᠡᠳᠦᠷ ᠪᠦᠷᠢ  ᠶᠢᠨ 8᠄ 30 ᠠᠴᠠ 17᠄ 30 ᠪᠣᠯᠲᠠᠯ᠎ᠠ᠃     ᠲᠠᠪᠤ᠂ ᠲᠡᠵᠢᠭᠡᠯ ᠡᠪᠡᠰᠦᠨ ᠤ ᠴᠢᠨᠠᠷ ᠴᠢᠨᠰᠠᠭ᠎ᠠ᠄     ᠭᠤᠷᠪᠠᠳᠠᠬᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢᠨ ᠪᠢᠴᠢᠭ ᠢᠶᠠᠷ ᠪᠠᠷᠢᠮᠵᠢᠶ᠎ᠠ ᠪᠣᠯᠭᠠᠨ᠎ᠠ᠃     ᠵᠢᠷᠭᠤᠭ᠎ᠠ᠂ ᠲᠡᠵᠢᠭᠡᠯ ᠡᠪᠡᠰᠦ ᠤᠯᠭᠤᠬᠤ ᠬᠤᠭᠤᠴᠠᠭᠠᠨ ᠳᠠᠬᠢ ᠠᠮᠤᠷ ᠲᠦᠪᠰᠢᠨ ᠤ ᠲᠠᠯ᠎ᠠ ᠪᠠᠷ ᠰᠠᠶᠢᠳᠤᠷ ᠬᠠᠮᠠᠭᠠᠯᠠᠬᠤ ᠬᠡᠷᠡᠭᠳᠠᠢ     ᠡᠪᠡᠰᠦ ᠪᠣᠷᠳᠤᠭ᠎ᠠ ᠵᠥᠭᠡᠭᠡᠪᠦᠷᠢᠯᠡᠬᠦ ᠪᠤᠷᠳᠤᠨ ᠲᠡᠵᠢᠬᠡᠭᠦ ᠮᠠᠯᠵᠢᠬᠤ ᠡᠷᠦᠬᠡ ᠨᠢ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠤᠨ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠵᠢᠴᠢ ᠵᠠᠮ ᠬᠠᠷᠢᠯᠴᠠᠭᠠᠨ ᠤ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠰᠠᠬᠢᠵᠥ᠂ ᠠᠵᠢᠯᠲᠠᠨ ᠪᠣᠯᠤᠨ ᠲᠡᠷᠭᠡ ᠤᠨᠤᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃           ᠮᠧᠩ ᠼᠣᠣ ︵ᠪᠠᠷᠠᠭᠤᠨ ᠦᠵᠦᠮᠦᠴᠢᠨ ᠬᠤᠰᠢᠭᠤ︶ ᠡᠪᠡᠰᠦᠨ ᠤ ᠦᠶᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ                    2024 ᠣᠨ ᠤ 2 ᠰᠠᠷ᠎ᠠ ᠶᠢᠨ 29 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号