ᠬᠠᠪᠤᠷ ᠤᠨ ᠤᠯᠠᠷᠢᠯ ᠤᠨ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠲᠡᠵᠢᠭᠡᠯ ᠡᠪᠡᠰᠦ ᠪᠣᠷᠳᠤᠭ᠎ᠠ | ᠬᠠᠩᠭᠠᠵᠤ᠂ ᠲᠥᠯ ᠲᠤᠰᠬᠤ ᠪᠠ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠬᠡᠭᠦ ᠠᠵᠢᠯ ᠢ ᠬᠢᠨᠠᠮᠠᠭᠠᠶ ᠰᠠᠶᠢᠲᠤᠷ | ᠬᠢᠵᠦ᠂ ᠬᠠᠭᠤᠷᠠᠶ ᠨᠤᠭᠤᠭᠠᠨ ᠡᠪᠡᠰᠦ ᠲᠠᠷᠬᠠᠭᠠᠬᠤ ᠪᠠᠷ ᠲᠥᠯᠥᠪᠯᠡᠵᠦ᠂ ᠪᠥᠬᠦ ᠬᠤᠰᠢᠭᠤᠨ ᠤ ᠮᠠᠯᠵᠢᠬᠤ ᠣᠷᠣᠨ ᠤ | ᠡᠷᠦᠬᠡ ᠠᠮᠠ ᠶᠢᠨ ᠲᠠᠩᠰᠠ ᠲᠠᠢ ᠪᠤᠷᠳᠤᠨ ᠲᠡᠵᠢᠬᠡᠭᠦ ᠮᠠᠯᠵᠢᠬᠤ ᠡᠷᠦᠬᠡ ᠳᠤ ᠬᠠᠨᠳᠤᠭᠤᠯᠤᠨ ᠪᠣᠷᠣᠯᠠᠭᠤᠯᠤᠨ᠎ᠠ᠂ | ᠡᠳᠦᠬᠡ ᠬᠠᠭᠤᠷᠠᠶ ᠨᠤᠭᠤᠭᠠᠨ ᠡᠪᠡᠰᠦᠨ ᠤ ᠬᠤᠳᠠᠯᠳᠤᠬᠤ ᠦᠨ᠎ᠡ᠂ ᠲᠤᠭ᠎ᠠ ᠬᠡᠮᠵᠢᠶ᠎ᠡ᠂ ᠪᠠᠷᠢᠮᠵᠢᠶ᠎ᠠ᠂ ᠴᠢᠨᠠᠷ | ᠴᠢᠨᠰᠠᠭ᠎ᠠ ᠵᠡᠷᠭᠡ ᠶᠢ ᠳᠣᠤᠷᠠᠬᠢ ᠮᠡᠲᠦ ᠵᠠᠷᠯᠠᠶ᠎ᠠ᠄ | ᠨᠢᠭᠡ᠂ ᠲᠡᠵᠢᠭᠡᠯ ᠡᠪᠡᠰᠦᠨ ᠤ ᠲᠥᠷᠥᠯ ᠵᠦᠢᠯ ᠵᠢᠴᠢ ᠦᠨ᠎ᠡ ᠬᠠᠩᠰᠢ | | ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠨᠢ ᠮᠠᠯᠴᠢᠳ ᠤᠨ ᠡᠪᠡᠰᠦ ᠪᠣᠷᠳᠤᠭ᠎ᠠ ᠶᠢᠨ ᠵᠣᠭᠤᠰ ᠢ | ᠳᠡᠭᠡᠷᠡᠬᠢ ᠦᠨ᠎ᠡ ᠬᠠᠩᠰᠢ ᠪᠠᠷ ᠬᠤᠷᠢᠶᠠᠨ᠎ᠠ᠃ ᠡᠪᠡᠰᠦ ᠪᠣᠷᠳᠤᠭ᠎ᠠ ᠲᠡᠭᠡᠭᠡᠪᠦᠷᠢᠯᠡᠬᠦ ᠲᠡᠷᠭᠡ᠂ ᠲᠡᠭᠡᠭᠡᠵᠦ | ᠪᠠᠭᠤᠯᠭᠠᠬᠤ᠂ ᠰᠢᠳᠠᠮᠠᠭᠠᠢ ᠲᠣᠰᠣ ᠵᠡᠷᠭᠡ ᠪᠤᠰᠤᠳ ᠵᠠᠷᠤᠳᠠᠯ ᠢ ᠮᠠᠯᠵᠢᠬᠤ ᠡᠷᠦᠬᠡ ᠦᠪᠡᠷᠳᠡᠬᠡᠨ ᠬᠠᠷᠢᠭᠤᠴᠠᠨ᠎ᠠ᠃ | ᠬᠤᠶᠠᠷ᠂ ᠡᠪᠡᠰᠦ ᠪᠤᠷᠳᠤᠭ᠎ᠠ᠂ ᠣᠯᠭᠤᠬᠤ ᠵᠢᠴᠢ ᠨᠦᠭᠦᠪᠦᠷᠢ ᠤᠯᠭᠤᠬᠤ ᠡᠲᠡᠭᠡᠳ | ᠪᠠᠷᠠᠭᠤᠨ ᠦᠵᠦᠮᠦᠴᠢᠨ ᠬᠤᠰᠢᠭᠤᠨ ᠤ ᠮᠠᠯ ᠠᠵᠤ ᠠᠬᠤᠶ ᠶᠢᠨ ᠡᠷᠦᠬᠡ ᠠᠮᠠ ᠶᠢᠨ ᠲᠠᠩᠰᠠ ᠲᠠᠢ ᠪᠤᠷᠳᠤᠨ | ᠲᠡᠵᠢᠬᠡᠭᠦ ᠮᠠᠯᠵᠢᠬᠤ ᠡᠷᠦᠬᠡ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠵᠤ᠂ ᠮᠠᠯ ᠪᠡᠯᠴᠢᠭᠡᠷ | ᠤᠨ ᠲᠡᠩᠴᠡᠭᠦᠷᠢ ᠶᠢ ᠪᠠᠲᠤᠯᠠᠬᠤ ᠲᠦᠷᠢᠮ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠬᠠᠪᠤᠷ ᠤᠨ ᠤᠯᠠᠷᠢᠯ ᠤᠨ | ᠪᠡᠯᠴᠢᠭᠡᠷ ᠰᠡᠷᠭᠦᠭᠡᠭ᠊ ︵ᠪᠡᠯᠴᠢᠭᠡᠷᠯᠡᠭᠦᠯᠬᠦ ᠶᠢ ᠵᠤᠭᠰᠤᠭᠠᠬᠤ︶ ᠲᠦᠷᠢᠮ ᠢ ᠬᠡᠷᠡᠭᠵᠢᠭᠦᠯᠵᠦ ᠪᠠᠶᠢᠭ᠎ᠠ ᠮᠠᠯᠵᠢᠬᠤ | ᠡᠷᠦᠬᠡ᠂ ᠬᠠᠪᠤᠷ ᠤᠨ ᠤᠯᠠᠷᠢᠯ ᠤᠨ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠲᠠᠩᠰᠠ ᠪᠠᠶᠢᠭᠤᠯᠤᠭᠰᠠᠨ ᠶᠠᠳᠠᠭᠤ | ᠠᠴᠠ ᠠᠩᠭᠢᠵᠢᠷᠠᠭᠰᠠᠨ ᠡᠷᠦᠭ᠊᠂ ᠬᠢᠨᠠᠨ ᠪᠠᠶᠢᠴᠠᠭᠠᠬᠤ ᠡᠷᠦᠬᠡ᠃ ᠬᠠᠭᠤᠷᠠᠶ ᠨᠤᠭᠤᠭᠠᠨ ᠡᠪᠡᠰᠦ ᠶᠢᠨ ᠤᠯᠭᠤᠬᠤ | ᠬᠡᠮᠵᠢᠶ᠎ᠡ ᠨᠢ ᠲᠣᠰ ᠲᠣᠰ 5 ᠲᠣᠨ ᠠᠴᠠ ᠬᠡᠳᠦᠷᠡᠭᠦᠯᠭᠦ ᠦᠬᠡᠢ ᠪᠥᠭᠡᠳ ᠭᠠᠴᠠᠭ᠎ᠠ ᠪᠠᠷ ᠨᠢᠭᠡᠴᠢ ᠪᠣᠯᠭᠠᠨ 7 ᠡᠳᠦᠷ | ᠵᠠᠷᠯᠠᠨ ᠨᠡᠶᠢᠲᠡᠯᠡᠨ᠎ᠡ ᠃ | ᠭᠤᠷᠪᠠ᠂ ᠡᠪᠡᠰᠦ ᠪᠤᠷᠳᠤᠭ᠎ᠠ ᠤᠯᠭᠤᠬᠤ ᠭᠠᠵᠠᠷ᠂ ᠬᠠᠷᠢᠯᠴᠠᠬᠤ ᠬᠥᠮᠦᠨ | ᠡᠪᠡᠰᠦ ᠪᠣᠷᠳᠤᠭ᠎ᠠ ᠨᠥᠭᠡᠴᠡᠯᠡᠬᠦ ᠪᠠᠶᠢᠭᠤᠯᠭ᠎ᠠ ᠨᠢᠭᠡᠴᠡ᠄ ᠮᠧᠩ ᠼᠣᠣ ︵ᠪᠠᠷᠠᠭᠤᠨ ᠦᠵᠦᠮᠦᠴᠢᠨ ᠬᠤᠰᠢᠭᠤ︶ | ᠡᠪᠡᠰᠦᠨ ᠤ ᠦᠶᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠺᠣᠮᠫᠠᠨᠢ ᠶᠢᠨ ᠬᠠᠷᠢᠯᠴᠠᠬᠤ ᠬᠥᠮᠦᠨ᠄ ᠵᠠᠩ ᠯᠧ 13614718229 | ᠶᠤᠸᠠᠨ ᡁᠢ ᠶᠤᠸᠠᠨ 13347164159 | ᠡᠪᠡᠰᠦ ᠪᠣᠷᠳᠤᠭ᠎ᠠ ᠲᠠᠷᠬᠠᠭᠠᠬᠤ ᠭᠠᠵᠠᠷ᠄ ᠴᠢᠨ ᠯᠢᠦᠢ ᠭᠦᠢᠡᠳᠡᠨ ᠭᠦᠮᠦᠷᠬᠡᠨ ᠤ ᠬᠤᠶᠢᠳᠦ ᠲᠠᠯ᠎ᠠ ᠳᠤ ᠵᠠᠮ | ᠤᠨ ᠵᠡᠭᠦᠨ | ᠳᠥᠷᠪᠡ᠂ ᠣᠯᠭᠤᠬᠤ ᠡᠳᠤᠷ ᠬᠤᠭᠤᠴᠠᠭ᠎ᠠ᠄ | 2024 ᠣᠨ ᠤ 3 ᠰᠠᠷ᠎ᠠ ᠶᠢᠨ 4 ᠤ ᠡᠳᠦᠷ ᠠᠴᠠ 4 ᠰᠠᠷ᠎ᠠ ᠶᠢᠨ 1 ᠤ ᠡᠳᠦᠷ ᠪᠣᠯᠲᠠᠯ᠎ᠠ᠂ ᠡᠳᠦᠷ ᠪᠦᠷᠢ | ᠶᠢᠨ 8᠄ 30 ᠠᠴᠠ 17᠄ 30 ᠪᠣᠯᠲᠠᠯ᠎ᠠ᠃ | ᠲᠠᠪᠤ᠂ ᠲᠡᠵᠢᠭᠡᠯ ᠡᠪᠡᠰᠦᠨ ᠤ ᠴᠢᠨᠠᠷ ᠴᠢᠨᠰᠠᠭ᠎ᠠ᠄ | ᠭᠤᠷᠪᠠᠳᠠᠬᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠪᠠᠶᠢᠴᠠᠭᠠᠨ ᠰᠢᠯᠭᠠᠭᠰᠠᠨ | ᠮᠡᠳᠡᠭᠦᠯᠦᠯᠲᠡ ᠶᠢᠨ ᠪᠢᠴᠢᠭ ᠢᠶᠠᠷ ᠪᠠᠷᠢᠮᠵᠢᠶ᠎ᠠ ᠪᠣᠯᠭᠠᠨ᠎ᠠ᠃ | ᠵᠢᠷᠭᠤᠭ᠎ᠠ᠂ ᠲᠡᠵᠢᠭᠡᠯ ᠡᠪᠡᠰᠦ ᠤᠯᠭᠤᠬᠤ ᠬᠤᠭᠤᠴᠠᠭᠠᠨ ᠳᠠᠬᠢ ᠠᠮᠤᠷ ᠲᠦᠪᠰᠢᠨ ᠤ ᠲᠠᠯ᠎ᠠ ᠪᠠᠷ ᠰᠠᠶᠢᠳᠤᠷ | ᠬᠠᠮᠠᠭᠠᠯᠠᠬᠤ ᠬᠡᠷᠡᠭᠳᠠᠢ | ᠡᠪᠡᠰᠦ ᠪᠣᠷᠳᠤᠭ᠎ᠠ ᠵᠥᠭᠡᠭᠡᠪᠦᠷᠢᠯᠡᠬᠦ ᠪᠤᠷᠳᠤᠨ ᠲᠡᠵᠢᠬᠡᠭᠦ ᠮᠠᠯᠵᠢᠬᠤ ᠡᠷᠦᠬᠡ ᠨᠢ ᠡᠪᠡᠰᠦ ᠪᠣᠷᠳᠤᠭ᠎ᠠ ᠨᠥᠭᠡᠴᠡᠯᠡᠬᠦ | ᠰᠠᠭᠤᠷᠢᠨ ᠭᠠᠵᠠᠷ ᠤᠨ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠵᠢᠴᠢ ᠵᠠᠮ ᠬᠠᠷᠢᠯᠴᠠᠭᠠᠨ ᠤ ᠬᠠᠮᠢᠶ᠎ᠠ ᠪᠦᠬᠦᠢ | ᠲᠣᠭᠲᠠᠭᠠᠯ ᠢ ᠴᠢᠩᠭ᠎ᠠ ᠰᠠᠬᠢᠵᠥ᠂ ᠠᠵᠢᠯᠲᠠᠨ ᠪᠣᠯᠤᠨ ᠲᠡᠷᠭᠡ ᠤᠨᠤᠭ᠎ᠠ ᠶᠢᠨ ᠠᠮᠤᠷ ᠲᠦᠪᠰᠢᠨ ᠢ ᠦᠨᠡᠨᠬᠦ | ᠪᠠᠲᠤᠯᠠᠬᠤ ᠬᠡᠷᠡᠭᠲᠡᠶ᠃ | | ᠮᠧᠩ ᠼᠣᠣ ︵ᠪᠠᠷᠠᠭᠤᠨ ᠦᠵᠦᠮᠦᠴᠢᠨ ᠬᠤᠰᠢᠭᠤ︶ ᠡᠪᠡᠰᠦᠨ ᠤ ᠦᠶᠯᠡᠰ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ | 2024 ᠣᠨ ᠤ 2 ᠰᠠᠷ᠎ᠠ ᠶᠢᠨ 29 ᠤ ᠡᠳᠦᠷ |