ᠮᠠᠯᠴᠢᠨ ᠤ ᠡᠷᠬᠢᠯᠡᠭᠰᠡᠨ ᠠᠩᠬᠠᠳᠠᠭᠴᠢ ᠬᠤᠯᠢᠮᠠᠭ ᠡᠪᠡᠰᠦ ᠪᠣᠯᠪᠠᠰᠣᠷᠠᠭᠤᠯᠬᠤ ᠲᠠᠰᠤᠭ ᠠᠰᠢᠭᠯᠠᠯᠳᠠ ᠳᠤ ᠣᠷᠣᠪᠠ
ᠨᠡᠶᠢᠲᠡᠯᠡᠭᠰᠡᠨ ᠴᠠᠭ᠄
2024/4/10
     ᠪᠠᠳᠣᠮᠦ᠋ᠩᠬᠡ ᠪᠠᠷᠠᠭᠤᠨ ᠦᠵᠦᠮᠦᠴᠢᠨ ᠬᠤᠰᠢᠭᠤᠨ ᠤ ᠭᠤᠷᠣᠬᠠᠨ ᠪᠠᠯᠭᠠᠰᠣᠨ ᠤ ᠪᠣᠷᠣᠪᠣᠯᠠᠭ ᠭᠠᠴᠠᠭᠠᠨ ᠤ ᠨᠠᠮ ᠤᠨ ᠡᠭᠦᠷ ᠤᠨ ᠱᠦᠵᠢ᠂ ᠡᠷᠬᠢᠯᠡᠭᠴᠢ ᠶᠢᠨ ᠲᠣᠰᠢᠶᠠᠯ ᠳᠤ ᠬᠠᠮᠳᠣ ᠪᠠᠷ ᠴᠢᠨᠡᠭᠡᠯᠢᠭᠵᠢᠬᠦ ᠵᠠᠮ ᠢᠶᠠᠷ ᠲᠠᠭᠠᠭᠤᠯᠤᠭᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠣ ᠶᠠᠪᠣᠨ᠎ᠠ᠃ ᠡᠳᠡᠨ ᠤ ᠬᠢᠨ ︽ᠬᠤᠨᠢ ᠶᠢ  ᠴᠦᠭᠡᠴᠢᠯᠡᠵᠣ᠂ ᠦᠭᠡᠷ ᠢ ᠭᠤᠣᠯᠳᠠᠯᠭ᠎ᠠ ᠲᠠᠢ ᠮᠠᠯᠵᠢᠬᠤ︾ ᠬᠤᠰᠢᠭᠤᠨ ᠤ ᠪᠠᠨ ᠲᠦᠰᠦᠯ ᠢᠶᠠᠷ ᠡᠷᠳᠡ ᠠᠴᠠ ᠦᠬᠡᠷ ᠤᠨ ᠡᠭᠦᠯᠳᠡᠷ ᠰᠠᠶᠢᠵᠢᠷᠠᠭᠤᠯᠬᠤ ᠠᠵᠢᠯ ᠢ ᠰᠠᠶᠢᠨ ᠬᠢᠵᠣ᠂ ᠪᠣᠷᠳᠣᠨ ᠲᠠᠷᠭᠤᠯᠠᠭᠤᠯᠵᠤ ᠬᠤᠳᠠᠯᠳᠣᠭᠠᠳ ᠦᠨᠳᠦᠷ ᠦᠷ᠎ᠡ ᠠᠰᠢᠭ ᠬᠦᠷᠳᠡᠵᠡᠢ᠃
          ᠣᠷᠴᠢᠮ ᠤᠨ ᠵᠢᠯ ᠠᠴᠠ ᠨᠠᠰᠢ᠂ ᠪᠠᠶᠢᠭᠠᠯᠢ ᠶᠢᠨ ᠭᠠᠩ ᠬᠠᠭᠰᠠᠷᠠᠭᠠᠨ ᠣᠯᠠᠰᠢᠷᠠᠵᠤ᠂ ᠬᠠᠳᠣᠯᠠᠩ ᠪᠡᠯᠴᠢᠭᠡᠷ ᠤᠨ ᠣᠷᠭᠤᠴᠠ ᠮᠠᠭᠤᠳᠠᠭᠰᠠᠨ ᠪᠠ ᠡᠪᠡᠰᠦ ᠪᠣᠷᠳᠣᠭᠠᠨ ᠤ ᠦᠨ᠎ᠡ ᠦᠨᠳᠦᠷ᠂ ᠮᠠᠯ ᠤᠨ ᠲᠡᠵᠢᠭᠡᠯ ᠤᠨ ᠦᠷᠳᠡᠭ ᠲᠡᠭᠡᠭᠰᠢᠯᠡᠵᠥ ᠨᠡᠮᠡᠭᠳᠡᠵᠥ᠂ ᠮᠠᠯ ᠤᠨ ᠦᠨ᠎ᠡ ᠲᠣᠷᠣᠭᠰᠢᠯᠠᠵᠤ ᠮᠠᠯᠵᠢᠬᠤ ᠡᠷᠦᠬᠡ ᠶᠢᠨ ᠣᠷᠣᠯᠭ᠎ᠠ ᠨᠢ ᠵᠠᠷᠣᠯᠭ᠎ᠠ ᠳᠤ ᠪᠠᠨ ᠬᠦᠷᠬᠦ ᠦᠭᠡᠢ ᠪᠠᠶᠢᠳᠠᠯ ᠳᠤ ᠴᠢᠭᠯᠡᠭᠦᠯᠦᠨ ᠪᠠᠳᠣᠮᠦ᠋ᠩᠭᠡ ᠲᠡᠵᠢᠭᠡᠯ ᠪᠣᠷᠳᠣᠭᠠᠨ ᠤ ᠠᠰᠠᠭᠤᠳᠠᠯ ᠳᠤ ᠠᠩᠬᠠᠷᠣᠯ ᠲᠠᠯᠪᠢᠵᠣ᠂ ᠣᠷᠣᠯᠭ᠎ᠠ ᠪᠠᠨ ᠨᠡᠮᠡᠭᠳᠡᠭᠦᠯᠵᠦ ᠵᠠᠷᠣᠯᠭ᠎ᠠ ᠪᠠᠨ ᠪᠠᠭᠠᠰᠬᠠᠬᠤ ᠪᠠᠷ ᠰᠣᠳᠣᠯᠵᠣ ᠰᠦᠪᠡᠭᠴᠢᠯᠡᠵᠥ᠂ ᠡᠪᠡᠰᠦ ᠪᠣᠷᠳᠣᠭᠠᠨ ᠤ ᠦᠪᠡᠷ ᠤᠨ ᠦᠷᠳᠡᠭ ᠢ ᠪᠠᠭᠤᠷᠠᠭᠤᠯᠬᠤ ᠪᠠᠷ 2022 ᠣᠨ ᠳᠤ ᠬᠦᠳᠡᠭᠡ ᠭᠡᠷ ᠲᠡᠭᠡᠨ ᠬᠤᠯᠢᠮᠠᠭ ᠪᠣᠷᠳᠤᠭ᠎ᠠ ᠪᠣᠯᠪᠠᠰᠣᠷᠠᠭᠤᠯᠵᠣ᠂ ᠦᠪᠡᠷ ᠤᠨ ᠮᠠᠯ ᠢᠶᠠᠨ ᠲᠣᠷᠰᠢᠨ ᠲᠡᠵᠢᠭᠡᠭᠡᠳ᠂ ᠮᠠᠯ ᠤᠨ ᠲᠠᠷᠭᠤ ᠮᠡᠳᠡᠭᠳᠡᠮ᠎ᠡ ᠨᠡᠮᠡᠭᠳᠡᠵᠥ᠂ ᠦᠯᠡᠮᠵᠢ ᠠᠰᠢᠭ ᠣᠯᠣᠭᠰᠠᠨ ᠰᠠᠭᠤᠷᠢᠨ ᠲᠡᠭᠡᠷ᠎ᠡ᠂ ᠮᠠᠯᠴᠢᠨ ᠲᠦᠮᠡᠨ ᠳᠤ ᠪᠠᠨ ᠲᠦᠭᠦᠮ ᠦᠵᠡᠭᠦᠯᠵᠣ᠂ ᠮᠠᠯᠴᠢᠳ ᠤᠨ ᠡᠪᠡᠰᠦ ᠪᠣᠷᠳᠣᠭᠠᠨ ᠤ ᠵᠠᠷᠣᠳᠠᠯ ᠢ ᠪᠠᠭ᠎ᠠ ᠴᠦ ᠬᠡᠰᠡᠨ ᠬᠦᠩᠭᠡᠯᠡᠬᠦ ᠬᠡᠵᠣ᠂ 2024 ᠣᠨ ᠤ 3 ᠰᠠᠷ᠎ᠠ ᠶᠢᠨ15᠎ ᠳᠤ ᠪᠠᠯᠭᠠᠰᠣᠨ ᠲᠦᠪ ᠲᠡᠭᠡᠨ ᠪᠣᠰᠣᠳ ᠲᠠᠢ ᠬᠤᠷᠰᠢᠵᠤ᠂ 30 ᠲᠦᠮᠡᠨ ᠲᠦᠭᠦᠷᠢᠭ ᠤᠨ ᠪᠡᠯᠡ ᠣᠷᠣᠭᠤᠯᠵᠣ᠂ ᠭᠤᠷᠣᠬᠠᠨ ᠪᠠᠯᠭᠠᠰᠣᠨ ᠤ ᠨᠠᠮ ᠵᠠᠰᠠᠭ ᠤᠨ ᠲᠡᠮᠵᠢᠯᠭᠡ ᠳᠤ 500 ᠲᠡᠭᠰᠢ ᠲᠦᠷᠪᠡᠯᠵᠢᠨ ᠮᠧᠲᠷ ᠤᠨ ᠦᠢᠯᠡᠳᠪᠣᠷᠢ ᠶᠢᠨ ᠲᠠᠰᠤᠭ ᠲᠠᠢ ᠪᠣᠯᠵᠣ᠂ ᠮᠠᠰᠢᠨ ᠮᠧᠬᠠᠨᠢᠭ ᠤᠨ ᠲᠠᠯ᠎ᠠ ᠪᠠᠷ ᠵᠠᠭᠤᠷᠠᠵᠤ ᠬᠤᠯᠢᠬᠤ ᠮᠠᠰᠢᠨ᠂ ᠪᠤᠭᠤᠵᠢᠯᠠᠵᠤ ᠭᠠᠷᠭᠠᠬᠤ ᠮᠠᠰᠢᠨ ᠲᠠᠢ᠂ ᠴᠢᠨᠠᠷ ᠰᠠᠶᠢᠨ ᠦᠨ᠎ᠡ ᠬᠠᠩᠰᠢ ᠲᠣᠣᠷ᠎ᠠ ︽ᠬᠠᠳᠠᠳᠣ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠲᠡᠵᠢᠭᠡᠯ ᠡᠪᠡᠰᠦ ᠪᠣᠯᠪᠠᠰᠣᠷᠠᠭᠤᠯᠬᠤ ᠴᠡᠭ︾᠎ ᠢ ᠪᠠᠶᠢᠭᠤᠯᠵᠠᠢ᠃  ᠣᠳᠣᠬᠠᠨ ᠲᠣᠰ ᠴᠡᠭ ᠨᠢ ᠬᠠᠭᠠᠰ ᠰᠠᠷ᠎ᠠ ᠳᠤ 100 ᠭᠠᠷᠣᠢ ᠲᠣᠨ ᠬᠤᠯᠢᠮᠠᠭ ᠲᠡᠵᠢᠭᠡᠯ ᠦᠢᠯᠡᠳᠪᠣᠷᠢᠯᠡᠨ ᠪᠣᠷᠣᠯᠠᠭᠤᠯᠵᠣ᠂ ᠬᠤᠯᠠ ᠣᠶᠢᠷ᠎ᠠ ᠶᠢᠨ ᠮᠠᠯ ᠠᠵᠤ ᠠᠬᠤᠢ ᠶᠢᠨ ᠴᠢᠨᠠᠷ ᠰᠠᠶᠢᠨ ᠬᠦᠭᠵᠢᠯᠳᠡ ᠶᠢ ᠠᠬᠢᠭᠤᠯᠬᠤ ᠳᠤ ᠦᠢᠯᠡᠳᠦᠯ ᠦᠵᠡᠭᠦᠯᠵᠦ ᠪᠣᠢ᠃
        ᠲᠣᠰ ᠴᠡᠭ ᠲᠤ ᠲᠡᠵᠢᠭᠡᠯ ᠡᠪᠡᠰᠦ ᠪᠣᠯᠪᠠᠰᠣᠷᠠᠭᠤᠯᠬᠤ ᠳᠤ ᠪᠠᠨ ᠭᠤᠣᠯᠳᠠᠭᠤ ᠨᠣᠳᠤᠭ ᠤᠨ ᠡᠪᠡᠰᠦ᠂ ᠲᠠᠷᠢᠶᠠᠨ ᠤ ᠡᠰᠢ ᠰᠦᠷᠡᠯ ᠨᠣᠭᠤᠭᠠᠨ ᠲᠠᠷᠣᠰᠢ᠂ ᠪᠣᠷᠴᠠᠭ ᠤᠨ ᠲᠦᠷᠦᠯ᠂ ᠡᠷᠳᠡᠨᠢ ᠰᠢᠰᠢ ᠶᠢᠨ ᠭᠤᠯᠢᠷ᠂ ᠨᠠᠷᠢᠯᠢᠭ ᠪᠣᠷᠳᠤᠭ᠎ᠠ᠂ ᠰᠦᠳᠠ᠂ ᠲᠠᠪᠣᠰᠦ ᠵᠡᠷᠭᠡ ᠰᠢᠮ᠎ᠡ ᠲᠡᠵᠢᠭᠡᠯᠳᠦ ᠪᠣᠳᠠᠰ ᠢ ᠨᠡᠶᠢᠯᠡᠭᠦᠯᠵᠦ᠂ ᠮᠠᠯ ᠤᠨ ᠪᠡᠶ᠎ᠡ ᠳᠤ ᠱᠠᠭᠠᠷᠳᠠᠭᠳᠠᠬᠤ ᠸᠢᠲ᠋ᠠᠮᠢᠨ ᠤ ᠲᠦᠷᠦᠯ᠂ ᠪᠢᠴᠢᠯ ᠡᠯᠧᠮᠧᠨ᠋ᠲ ᠶᠢ ᠰᠢᠨᠵᠢᠯᠡᠬᠦ ᠤᠬᠠᠭᠠᠨᠴᠢ ᠪᠠᠷ ᠬᠤᠯᠢᠵᠤ ᠨᠠᠶᠢᠷᠠᠭᠤᠯᠵᠤ᠂ ᠨᠢᠭᠡᠨ ᠴᠣᠭᠴᠠ ᠪᠤᠯᠭᠠᠭᠰᠠᠨ ᠢᠶᠠᠷ ᠲᠣᠰ ᠲᠡᠵᠢᠭᠡᠯ ᠨᠢ ᠦᠨᠳᠦᠷ ᠦᠷ᠎ᠡ ᠠᠰᠢᠭ ᠲᠠᠢ ᠦᠷᠳᠡᠭ ᠬᠢᠮᠳᠠ ᠦᠭᠡᠷ ᠬᠤᠨᠢᠨ ᠤ ᠰᠠᠶᠢᠨ ᠲᠡᠵᠢᠭᠡᠯ ᠪᠣᠯᠬᠤ ᠮᠦᠷᠳᠡᠭᠡᠨ ᠬᠦᠳᠡᠯᠮᠦᠷᠢ ᠬᠦᠴᠦᠨ ᠳᠤ ᠠᠷᠪᠢᠳᠠᠢ᠂ ᠭᠡᠭᠡᠵᠣ ᠬᠠᠶᠠᠭᠳᠠᠬᠤ ᠦᠭᠡᠢ ᠵᠡᠷᠭᠡ ᠲᠠᠪᠠᠭᠤᠯᠢᠭ  ᠲᠠᠯ᠎ᠠ ᠲᠠᠢ ᠪᠠᠶᠢᠳᠠᠭ ᠢᠶᠠᠷ ᠣᠨᠴᠠᠯᠢᠭᠳᠠᠨ᠎ᠠ᠃    ︽ᠲᠠᠭᠤᠷᠢᠶᠠᠯ ᠤᠨ ᠬᠦᠴᠦᠨ ᠬᠢᠵᠠᠭᠠᠯᠠᠰᠢ ᠦᠭᠡᠢ︾᠃ ᠮᠠᠯᠴᠢᠨ ᠪᠠᠳᠦᠮᠦ᠋ᠩᠭᠡ ᠶᠢᠨ ᠦᠪᠡᠷ ᠰᠡᠳᠦᠵᠤ ᠣᠷᠣᠨ ᠨᠣᠳᠤᠭ ᠲᠠᠭᠠᠨ ᠵᠤᠷᠢᠭᠳᠠᠢ ᠪᠠᠷ ᠠᠩᠬᠠᠳᠠᠭᠴᠢ ᠲᠡᠵᠢᠭᠡᠯ ᠡᠪᠡᠰᠦ ᠪᠣᠯᠪᠠᠰᠣᠷᠠᠭᠤᠯᠬᠤ ᠲᠠᠰᠤᠭ ᠪᠠᠶᠢᠭᠤᠯᠤᠭᠰᠠᠨ ᠨᠢ ᠪᠤᠳᠠᠳᠠᠢ ᠦᠢᠯᠡᠴᠢᠯᠡᠭᠡ ᠪᠠᠷ ᠢᠶᠠᠨ ᠮᠠᠯᠴᠢᠨ ᠲᠦᠮᠡᠨ ᠤ ᠠᠰᠢᠭ ᠲᠤᠰᠠ ᠪᠠ ᠬᠦᠷᠢᠶᠡᠯᠡᠯ ᠳᠤ ᠬᠦᠷᠴᠦ᠂ ᠬᠠᠮᠳᠣ ᠪᠠᠷ ᠪᠦᠯᠬᠦᠮᠳᠡᠨ ᠬᠦᠳᠡᠭᠡ ᠲᠣᠰᠬᠤᠨ ᠢᠶᠠᠨ ᠬᠦᠭᠵᠢᠭᠦᠯᠦᠨ ᠮᠠᠨᠳᠣᠭᠤᠯᠬᠤ ᠳᠤ ᠲᠦᠯᠬᠢᠴᠡ ᠬᠦᠴᠦᠨ ᠪᠣᠯᠵᠣ ᠵᠣᠷᠢᠭᠰᠠᠨ ᠦᠢᠯᠡᠰ ᠨᠢ ᠵᠣᠨ ᠣᠯᠠᠨ ᠳᠤ ᠪᠠᠨ ᠠᠴᠢ ᠲᠤᠰᠠ ᠪᠣᠯᠬᠤ ᠨᠢ ᠯᠠᠪᠳᠠᠢ ᠶᠣᠮ ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号