ᠪᠠᠷᠠᠭᠤᠨ ᠦᠵᠦᠮᠦᠴᠢᠨ ᠬᠤᠰᠢᠭᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠪᠦᠳᠦᠮᠵᠢᠳᠡᠢ ᠦᠷᠨᠢᠭᠦᠯᠵᠣ ᠪᠠᠶᠢᠨ᠎ᠠ
ᠨᠡᠶᠢᠲᠡᠯᠡᠭᠰᠡᠨ ᠴᠠᠭ᠄
2024/4/10
     ᠪᠠᠷᠠᠭᠤᠨ ᠦᠵᠦᠮᠦᠴᠢᠨ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂  ᠪᠣᠯᠪᠠᠰᠤᠷᠠᠯ ᠬᠦᠮᠦᠵᠢᠯ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠠᠵᠢᠯᠯᠠᠭ᠎ᠠ ᠶᠢᠨ ᠠᠴᠢᠶᠠᠯᠠᠪᠤᠷᠢ᠂ ᠤᠬᠠᠭᠤᠯᠭ᠎ᠠ  ᠰᠣᠷᠳᠠᠯᠴᠢᠯᠠᠭ᠎ᠠ ᠵᠡᠷᠭᠡ ᠲᠠᠯ᠎ᠠ ᠪᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ  ᠠᠬᠢᠭᠤᠯᠵᠦ ᠪᠠᠶᠢᠨ᠎ᠠ᠃      ᠪᠠᠷᠠᠭᠤᠨ ᠦᠵᠦᠮᠦᠴᠢᠨ ᠬᠤᠰᠢᠭᠤ ᠨᠢ ᠲᠤᠰᠬᠠᠢ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠠᠵᠢᠯ ᠤᠨ ᠲᠥᠰᠥᠯ ᠲᠣᠭᠲᠠᠭᠠᠨ᠂  ᠬᠤᠰᠢᠭᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠠᠯᠪᠠᠨ ᠭᠡᠷ ᠲᠤᠬᠢᠷᠠᠭᠤᠯᠤᠨ᠂ ︽ᠪᠠᠷᠠᠭᠤᠨ ᠦᠵᠦᠮᠦᠴᠢᠨ ᠬᠤᠰᠢᠭᠤᠨ ᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠶᠢᠴᠠᠭᠠᠯᠲᠠ ᠶᠢ ᠤᠭᠲᠤᠬᠤ ᠠᠵᠢᠯ ᠤᠨ ᠲᠥᠰᠥᠯ︾᠎ ᠢ ᠲᠤᠭᠳᠠᠭᠠᠵᠦ᠂  ᠲᠤᠰᠬᠠᠢ ᠠᠵᠢᠯᠳᠠᠨ ᠲᠤᠬᠢᠷᠠᠭᠤᠯᠤᠨ᠂ ︽ᠨᠢᠭᠡ  ᠠᠯᠪᠡᠨ ᠬᠡᠷ ᠲᠤᠯᠤᠭᠠᠨ ᠳᠤᠭᠤᠶᠢᠯᠠᠩ︾᠎ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠠᠶᠢᠭᠤᠯᠤᠨ᠂ ᠰᠠᠷ᠎ᠠ ᠶᠢᠨ ᠲᠣᠬᠢᠷᠠᠭᠤᠯᠤᠯᠲᠠ ᠶᠢᠨ ᠬᠡᠯᠪᠡᠷᠢ ᠪᠠᠷ ᠡᠯ᠎ᠡ ᠰᠠᠯᠠᠭ᠎ᠠ ᠮᠥᠴᠢᠷ᠂ ᠬᠠᠷᠢᠭᠤᠴᠠᠯᠭᠠᠲᠤ ᠰᠠᠯᠠᠭ᠎ᠠ ᠮᠥᠴᠢᠷ ᠤᠨ ᠠᠵᠢᠯ ᠤᠨ ᠠᠬᠢᠴᠠ ᠶᠢ ᠴᠠᠭ ᠲᠤᠬᠠᠢ ᠳᠤᠨᠢ ᠡᠵᠡᠮᠰᠢᠨ᠂ ᠵᠢᠱᠢᠶ᠎ᠡ ᠦᠵᠡᠭᠦᠯᠬᠦ ᠠᠶᠢᠮᠠᠭ᠂ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠵᠡᠷᠭᠡᠪᠡᠷ  ᠠᠬᠢᠭᠤᠯᠪᠠ᠃      ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠡᠷᠭᠡ ᠠᠭᠤᠯᠭ᠎ᠠ ᠶᠢ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠣᠨ ᠤ ᠰᠤᠷᠤᠯᠴᠠᠯᠭ᠎ᠠ ᠶᠢᠨ ᠲᠥᠯᠥᠪᠯᠡᠭᠡ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠣᠨᠣᠯ ᠤᠨ ᠰᠤᠷᠤᠯᠴᠠᠯᠭ᠎ᠠ ᠶᠢᠨ ᠭᠤᠣᠯᠳᠠᠯᠭ᠎ᠠ ᠲᠠᠢ ᠠᠭᠤᠯᠭ᠎ᠠ ᠪᠠ ᠬᠤᠰᠢᠭᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠣᠨ ᠤ  ᠪᠤᠯᠪᠠᠰᠣᠷᠠᠯ  ᠎ ᠳᠤ ᠤᠷᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠪᠤᠯᠪᠠᠰᠣᠷᠠᠯ ᠤᠨ ᠢᠨᠵᠧᠨᠧᠷᠢᠩ ᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠠᠪᠤᠳᠠᠯ ᠢ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠭᠤᠣᠯ ᠴᠣᠭᠴᠠ ᠶᠢᠨ ᠠᠩᠭᠢ ᠶᠢᠨ ᠵᠠᠪᠠᠯ ᠰᠤᠷᠬᠤ ᠬᠢᠴᠢᠶᠡᠯ ᠳᠤ  ᠤᠷᠤᠭᠤᠯᠤᠨ᠂ ᠪᠤᠯᠪᠠᠰᠣᠷᠠᠯ  ᠎ ᠤᠨ ᠠᠩᠬᠢ 25 ᠬᠤᠭᠤᠴᠠᠭ᠎ᠠ ᠡᠷᠭᠢᠯᠡᠵᠦ᠂ 3300 ᠭᠠᠷᠤᠢ ᠬᠥᠮᠥᠨ ᠤᠳᠠᠭ᠎ᠠ ᠳᠤ ᠪᠤᠯᠪᠠᠰᠣᠷᠠᠯ ᠭᠦᠷᠳᠠᠬᠡᠨ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠣᠨᠣᠯ ᠎ ᠤᠨ ᠲᠤᠬᠠᠢ ᠦᠢᠯᠠᠭᠠᠯᠳᠠ  ᠎ ᠶᠢ ᠨᠢ ᠳᠡᠭᠡᠭᠰᠢᠯᠡᠭᠦᠯᠪᠡ᠃      ᠪᠠᠷᠠᠭᠤᠨ ᠦᠵᠦᠮᠦᠴᠢᠨ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ  ᠵᠢᠱᠢᠶ᠎ᠡ ᠦᠵᠡᠭᠦᠯᠬᠦ ᠨᠢᠭᠡᠴᠡ ᠶᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ︽+ ᠨᠠᠮ ᠤᠨ ᠪᠠᠶᠢᠭᠤᠯᠤᠯᠲᠠ᠂ + ᠪᠣᠯᠪᠠᠰᠤᠨ ᠤ ᠦᠢᠯᠡᠳᠦᠯᠭᠡ᠂ + ᠮᠠᠯ ᠠᠵᠤ ᠠᠬᠤᠶᠢᠯᠠᠯ ᠬᠠᠮᠲᠤ ᠪᠠᠷ ᠪᠠᠶᠢᠭᠤᠯᠬᠤ᠂ + ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠵᠡᠷᠭᠡ ᠡᠭᠦᠳᠦᠨ ᠪᠠᠶᠢᠭᠤᠯᠬᠤ ᠨᠠᠷᠠᠲᠤ ᠲᠡᠮᠳᠡᠭᠲᠦ ᠶᠢ ᠪᠣᠶ  ᠪᠤᠯᠭᠠᠵᠦ᠂  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠢᠮᠠ ᠳᠤ ᠣᠷᠣᠭᠤᠯᠬᠤ︾᠎ ᠶᠢ ᠡᠭᠦᠳᠦᠨ ᠪᠠᠶᠢᠭᠤᠯᠬᠤ ᠠᠵᠢᠯ ᠤᠨ ᠬᠠᠨᠳᠤᠯᠭ᠎ᠠ ᠶᠢᠨ ᠵᠢᠯᠣᠭᠤᠳᠤᠯᠭ᠎ᠠ ᠪᠠ ᠪᠦᠬᠦ ᠲᠠᠯ᠎ᠠ ᠶᠢᠨ ᠳᠡᠭᠡᠭᠰᠢᠯᠡᠯᠲᠡ ᠶᠢ ᠴᠢᠩᠭᠠᠳᠬᠠᠵᠤ᠂ ᠪᠥᠬᠦ ᠬᠤᠰᠢᠭᠤᠨ ᠤ ᠰᠤᠮᠤ ᠪᠠᠯᠭᠠᠰᠤ᠂ ᠪᠠᠶᠢᠭᠤᠯᠭ᠎ᠠ᠂ ᠭᠠᠴᠠᠭ᠎ᠠ᠂ ᠨᠡᠶᠢᠭᠡᠮ ᠲᠣᠭᠤᠷᠢᠭ ᠢ ᠪᠦᠬᠦᠨ ᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠤᠰᠢᠭᠤᠨ ᠤ ᠲᠠᠰ ᠤᠨ ᠡᠭᠦᠳᠦᠨ ᠪᠠᠶᠢᠭᠤᠯᠬᠤ ᠠᠵᠢᠯ ᠤᠨ ᠰᠢᠯᠭᠠᠨ ᠦᠨᠡᠯᠡᠬᠦ ᠱᠠᠭᠠᠷᠳᠠᠯᠭ᠎ᠠ ᠳᠤ ᠬᠦᠷᠭᠡᠬᠦ ᠶᠢ ᠠᠬᠢᠭᠤᠯᠤᠭᠰᠠᠨ ᠰᠠᠭᠤᠷᠢᠨ ᠳᠡᠭᠡᠷ᠎ᠡ᠂ 11 ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠴᠡᠭ ᠢ ᠪᠠᠶᠢᠭᠤᠯᠤᠨ᠂ ᠴᠡᠭ ᠢᠶᠠᠷ ᠨᠡᠶᠢᠳᠡᠮ ᠢ ᠳᠠᠶᠢᠴᠢᠯᠠᠬᠤ ᠶᠢ ᠪᠡᠶᠡᠯᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠨᠠᠩ ᠭᠦᠨ ᠲᠠᠰ ᠳᠠᠪᠬᠤᠷᠭ᠎ᠠ᠂ ᠨᠠᠩ ᠥᠨᠳᠥᠷ ᠲᠦᠪᠰᠢᠨ᠂ ᠨᠠᠩ ᠥᠷᠭᠡᠨ ᠬᠦᠷᠢᠶ᠎ᠡ ᠴᠠᠷ᠎ᠠ ᠳᠠᠰᠢ ᠥᠷᠭᠡᠳᠬᠦ ᠶᠢ ᠲᠠᠰᠤᠷᠠᠯᠲᠠ ᠦᠭᠡᠢ ᠠᠬᠢᠭᠤᠯᠪᠠ᠃     ᠪᠠᠷᠠᠭᠤᠨ ᠦᠵᠦᠮᠦᠴᠢᠨ ᠬᠤᠰᠢᠭᠤ ᠨᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠠᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠯᠲᠠᠨ ᠬᠠᠶᠢᠷᠠᠭᠤᠴᠠᠢ ᠤᠬᠠᠭᠤᠯᠤᠨ ᠲᠠᠶᠢᠯᠪᠤᠷᠢᠯᠠᠬᠤ ᠪᠦᠯᠬᠦᠮ᠂ ︽ᠠᠨᠠᠷ ᠤᠨ ᠦᠷ᠎ᠡ︾ ᠬᠢᠴᠢᠶᠡᠯ ᠤᠨ ᠲᠠᠩᠬᠢᠮ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶᠂ ᠤᠯᠠᠭᠠᠨᠮᠥ᠋ᠴᠢᠷ ᠵᠡᠷᠭᠡ ᠡᠯ᠎ᠡ ᠲᠥᠷᠥᠯ ᠤᠨ ᠲᠠᠪᠴᠠᠩ ᠤᠨ ᠠᠴᠢᠶᠠᠯᠠᠪᠤᠷᠢ ᠳᠤ ᠲᠦᠰᠢᠭᠯᠡᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠵᠡᠷᠭᠡ ᠠᠵᠢᠯᠯᠠᠭ᠎ᠠ ᠶᠢ 840 ᠭᠠᠷᠤᠢ ᠲᠠᠯᠠᠪᠤᠷ ᠤᠳᠠᠭ᠎ᠠ ᠥᠷᠨᠢᠭᠦᠯᠵᠦ᠂ 3 ᠲᠦᠮᠡ ᠭᠠᠷᠤᠢ ᠬᠥᠮᠥᠨ ᠤᠳᠠᠭ᠎ᠠ ᠶᠢ ᠬᠠᠮᠤᠷᠴᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠤᠣᠯᠳᠠᠯᠭ᠎ᠠ ᠲᠠᠢ ᠤᠬᠠᠭᠤᠯᠤᠨ ᠲᠠᠶᠢᠯᠪᠤᠷᠢᠯᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ 256 ᠤᠳᠠᠭ᠎ᠠ ᠤᠬᠠᠭᠤᠯᠤᠨ ᠲᠠᠶᠢᠯᠪᠤᠷᠢᠯᠠᠵᠤ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠢᠨ ︽ᠬᠡᠦᠬᠡᠳ ᠎ ᠤᠨ ᠰᠠᠳᠬᠢᠯ ᠨᠠᠮ ᠳᠠᠭᠠᠨ︾᠂ ︽ᠲᠤᠯᠤᠭᠠᠨ ᠨᠢᠭᠡ︾ ᠵᠡᠷᠭᠡ ᠡᠯ᠎ᠡ ᠲᠦᠷᠦᠯ ᠤᠨ ᠦᠢᠯᠡᠳᠦᠯᠭᠡ ᠶᠢᠨ ᠠᠵᠢᠯᠯᠠᠭ᠎ᠠ ᠶᠢ 230 ᠭᠠᠷᠤᠢ ᠤᠳᠠᠭ᠎ᠠ  ᠥᠷᠨᠢᠭᠦᠯᠵᠦ᠂ ᠣᠷᠣᠯᠴᠠᠭᠰᠠᠨ ᠬᠥᠮᠥᠨ ᠤ ᠲᠤᠭ᠎ᠠ 2.8 ᠲᠦᠮᠡ ᠳᠤ ᠭᠦᠷᠦᠭᠰᠠᠨ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ ᠤᠬᠠᠭᠤᠯᠭ᠎ᠠ ᠬᠥᠮᠦᠵᠢᠯ ᠤᠨ ᠰᠤᠳᠤᠯᠭᠠᠨ ᠤ ᠰᠢᠰᠲ᠋ᠧᠮ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠦᠵᠡᠯ ᠰᠠᠨᠠᠭᠠᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠦᠨᠳᠦᠰᠦᠲᠡᠨ ᠤ ᠠᠵᠢᠯ ᠤᠨ ᠬᠠᠤᠯᠢ ᠲᠣᠭᠲᠠᠭᠠᠯ ᠤᠨ ᠤᠬᠠᠭᠤᠯᠭ᠎ᠠ ᠶᠢ ᠥᠷᠨᠢᠭᠦᠯᠵᠦ᠂ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠲᠥᠯᠦᠪᠵᠢᠭᠦᠯᠭᠡ ᠶᠢ ᠨᠠᠷᠢᠨ ᠬᠢᠨᠠᠮᠠᠭᠠᠢ ᠲᠥᠯᠥᠪᠵᠢᠭᠦᠯᠦᠨ ᠬᠡᠷᠡᠭᠵᠢᠭᠦᠯᠵᠦ᠂ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠤᠬᠠᠭᠤᠯᠭ᠎ᠠ ᠶᠢ 50 ᠭᠠᠷᠤᠢ ᠤᠳᠠᠭ᠎ᠠ ᠥᠷᠨᠢᠭᠦᠯᠵᠦ᠂ ᠤᠬᠠᠭᠤᠯᠭ᠎ᠠ ᠶᠢᠨ ᠳᠡᠪᠲᠡᠷ ᠢ 1.6 ᠲᠦᠮᠡ ᠭᠠᠷᠤᠢ ᠬᠤᠪᠢ  ᠲᠠᠷᠬᠠᠭᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠣᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号