ᠪᠠᠷᠠᠭᠤᠨ ᠦᠵᠦᠮᠦᠴᠢᠨ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ᠂ ᠪᠣᠯᠪᠠᠰᠤᠷᠠᠯ ᠬᠦᠮᠦᠵᠢᠯ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ | ᠠᠵᠢᠯᠯᠠᠭ᠎ᠠ ᠶᠢᠨ ᠠᠴᠢᠶᠠᠯᠠᠪᠤᠷᠢ᠂ ᠤᠬᠠᠭᠤᠯᠭ᠎ᠠ ᠰᠣᠷᠳᠠᠯᠴᠢᠯᠠᠭ᠎ᠠ ᠵᠡᠷᠭᠡ ᠲᠠᠯ᠎ᠠ ᠪᠠᠷ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ | ᠭᠦᠨᠵᠡᠭᠡᠢ ᠠᠬᠢᠭᠤᠯᠵᠦ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤ ᠨᠢ ᠲᠤᠰᠬᠠᠢ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ | ᠠᠵᠢᠯ ᠤᠨ ᠲᠥᠰᠥᠯ ᠲᠣᠭᠲᠠᠭᠠᠨ᠂ ᠬᠤᠰᠢᠭᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠠᠯᠪᠠᠨ ᠭᠡᠷ | ᠲᠤᠬᠢᠷᠠᠭᠤᠯᠤᠨ᠂ ︽ᠪᠠᠷᠠᠭᠤᠨ ᠦᠵᠦᠮᠦᠴᠢᠨ ᠬᠤᠰᠢᠭᠤᠨ ᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠶᠢᠴᠠᠭᠠᠯᠲᠠ ᠶᠢ ᠤᠭᠲᠤᠬᠤ | ᠠᠵᠢᠯ ᠤᠨ ᠲᠥᠰᠥᠯ︾ ᠢ ᠲᠤᠭᠳᠠᠭᠠᠵᠦ᠂ ᠲᠤᠰᠬᠠᠢ ᠠᠵᠢᠯᠳᠠᠨ ᠲᠤᠬᠢᠷᠠᠭᠤᠯᠤᠨ᠂ ︽ᠨᠢᠭᠡ ᠠᠯᠪᠡᠨ ᠬᠡᠷ | ᠲᠤᠯᠤᠭᠠᠨ ᠳᠤᠭᠤᠶᠢᠯᠠᠩ︾ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠠᠶᠢᠭᠤᠯᠤᠨ᠂ ᠰᠠᠷ᠎ᠠ ᠶᠢᠨ | ᠲᠣᠬᠢᠷᠠᠭᠤᠯᠤᠯᠲᠠ ᠶᠢᠨ ᠬᠡᠯᠪᠡᠷᠢ ᠪᠠᠷ ᠡᠯ᠎ᠡ ᠰᠠᠯᠠᠭ᠎ᠠ ᠮᠥᠴᠢᠷ᠂ ᠬᠠᠷᠢᠭᠤᠴᠠᠯᠭᠠᠲᠤ ᠰᠠᠯᠠᠭ᠎ᠠ ᠮᠥᠴᠢᠷ ᠤᠨ ᠠᠵᠢᠯ ᠤᠨ | ᠠᠬᠢᠴᠠ ᠶᠢ ᠴᠠᠭ ᠲᠤᠬᠠᠢ ᠳᠤᠨᠢ ᠡᠵᠡᠮᠰᠢᠨ᠂ ᠵᠢᠱᠢᠶ᠎ᠡ ᠦᠵᠡᠭᠦᠯᠬᠦ ᠠᠶᠢᠮᠠᠭ᠂ ᠵᠢᠱᠢᠶ᠎ᠡ ᠦᠵᠡᠭᠦᠯᠬᠦ ᠬᠤᠰᠢᠭᠤ ᠶᠢ | ᠡᠭᠦᠳᠦᠨ ᠪᠠᠶᠢᠭᠤᠯᠬᠤ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠵᠡᠷᠭᠡᠪᠡᠷ ᠠᠬᠢᠭᠤᠯᠪᠠ᠃ | ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠵᠡᠷᠭᠡ ᠠᠭᠤᠯᠭ᠎ᠠ ᠶᠢ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ | ᠭᠤᠣᠯ ᠳᠤᠭᠤᠶᠢᠯᠠᠩ ᠤᠨ ᠣᠨ ᠤ ᠰᠤᠷᠤᠯᠴᠠᠯᠭ᠎ᠠ ᠶᠢᠨ ᠲᠥᠯᠥᠪᠯᠡᠭᠡ᠂ ᠡᠯ᠎ᠡ ᠱᠠᠲᠤᠨ ᠤ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠤᠨ ᠰᠤᠷᠤᠯᠴᠠᠯᠭ᠎ᠠ ᠶᠢᠨ ᠭᠤᠣᠯᠳᠠᠯᠭ᠎ᠠ ᠲᠠᠢ ᠠᠭᠤᠯᠭ᠎ᠠ ᠪᠠ | ᠬᠤᠰᠢᠭᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠣᠨ ᠤ ᠪᠤᠯᠪᠠᠰᠣᠷᠠᠯ ᠳᠤ ᠤᠷᠤᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠪᠤᠯᠪᠠᠰᠣᠷᠠᠯ ᠤᠨ | ᠢᠨᠵᠧᠨᠧᠷᠢᠩ ᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠶᠠᠪᠤᠳᠠᠯ ᠢ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ | ᠭᠤᠣᠯ ᠴᠣᠭᠴᠠ ᠶᠢᠨ ᠠᠩᠭᠢ ᠶᠢᠨ ᠵᠠᠪᠠᠯ ᠰᠤᠷᠬᠤ ᠬᠢᠴᠢᠶᠡᠯ ᠳᠤ ᠤᠷᠤᠭᠤᠯᠤᠨ᠂ ᠪᠤᠯᠪᠠᠰᠣᠷᠠᠯ ᠤᠨ ᠠᠩᠬᠢ 25 | ᠬᠤᠭᠤᠴᠠᠭ᠎ᠠ ᠡᠷᠭᠢᠯᠡᠵᠦ᠂ 3300 ᠭᠠᠷᠤᠢ ᠬᠥᠮᠥᠨ ᠤᠳᠠᠭ᠎ᠠ ᠳᠤ ᠪᠤᠯᠪᠠᠰᠣᠷᠠᠯ ᠭᠦᠷᠳᠠᠬᠡᠨ᠂ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠣᠨᠣᠯ ᠤᠨ ᠲᠤᠬᠠᠢ ᠦᠢᠯᠠᠭᠠᠯᠳᠠ ᠶᠢ ᠨᠢ ᠳᠡᠭᠡᠭᠰᠢᠯᠡᠭᠦᠯᠪᠡ᠃ | ᠪᠠᠷᠠᠭᠤᠨ ᠦᠵᠦᠮᠦᠴᠢᠨ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠵᠢᠱᠢᠶ᠎ᠡ ᠦᠵᠡᠭᠦᠯᠬᠦ ᠨᠢᠭᠡᠴᠡ ᠶᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ︽+ | ᠨᠠᠮ ᠤᠨ ᠪᠠᠶᠢᠭᠤᠯᠤᠯᠲᠠ᠂ + ᠪᠣᠯᠪᠠᠰᠤᠨ ᠤ ᠦᠢᠯᠡᠳᠦᠯᠭᠡ᠂ + ᠮᠠᠯ ᠠᠵᠤ ᠠᠬᠤᠶᠢᠯᠠᠯ ᠬᠠᠮᠲᠤ ᠪᠠᠷ ᠪᠠᠶᠢᠭᠤᠯᠬᠤ᠂ | + ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ | ᠵᠡᠷᠭᠡ ᠡᠭᠦᠳᠦᠨ ᠪᠠᠶᠢᠭᠤᠯᠬᠤ ᠨᠠᠷᠠᠲᠤ ᠲᠡᠮᠳᠡᠭᠲᠦ ᠶᠢ ᠪᠣᠶ ᠪᠤᠯᠭᠠᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ︽ᠨᠠᠢᠮᠠ ᠳᠤ ᠣᠷᠣᠭᠤᠯᠬᠤ︾ ᠶᠢ ᠡᠭᠦᠳᠦᠨ ᠪᠠᠶᠢᠭᠤᠯᠬᠤ ᠠᠵᠢᠯ ᠤᠨ ᠬᠠᠨᠳᠤᠯᠭ᠎ᠠ ᠶᠢᠨ | ᠵᠢᠯᠣᠭᠤᠳᠤᠯᠭ᠎ᠠ ᠪᠠ ᠪᠦᠬᠦ ᠲᠠᠯ᠎ᠠ ᠶᠢᠨ ᠳᠡᠭᠡᠭᠰᠢᠯᠡᠯᠲᠡ ᠶᠢ ᠴᠢᠩᠭᠠᠳᠬᠠᠵᠤ᠂ ᠪᠥᠬᠦ ᠬᠤᠰᠢᠭᠤᠨ ᠤ ᠰᠤᠮᠤ ᠪᠠᠯᠭᠠᠰᠤ᠂ | ᠪᠠᠶᠢᠭᠤᠯᠭ᠎ᠠ᠂ ᠭᠠᠴᠠᠭ᠎ᠠ᠂ ᠨᠡᠶᠢᠭᠡᠮ ᠲᠣᠭᠤᠷᠢᠭ ᠢ ᠪᠦᠬᠦᠨ ᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠤᠰᠢᠭᠤᠨ ᠤ ᠲᠠᠰ ᠤᠨ ᠡᠭᠦᠳᠦᠨ ᠪᠠᠶᠢᠭᠤᠯᠬᠤ ᠠᠵᠢᠯ ᠤᠨ ᠰᠢᠯᠭᠠᠨ ᠦᠨᠡᠯᠡᠬᠦ ᠱᠠᠭᠠᠷᠳᠠᠯᠭ᠎ᠠ ᠳᠤ ᠬᠦᠷᠭᠡᠬᠦ ᠶᠢ | ᠠᠬᠢᠭᠤᠯᠤᠭᠰᠠᠨ ᠰᠠᠭᠤᠷᠢᠨ ᠳᠡᠭᠡᠷ᠎ᠡ᠂ 11 ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ | ᠵᠢᠱᠢᠶ᠎ᠡ ᠦᠵᠡᠭᠦᠯᠬᠦ ᠴᠡᠭ ᠢ ᠪᠠᠶᠢᠭᠤᠯᠤᠨ᠂ ᠴᠡᠭ ᠢᠶᠠᠷ ᠨᠡᠶᠢᠳᠡᠮ ᠢ ᠳᠠᠶᠢᠴᠢᠯᠠᠬᠤ ᠶᠢ ᠪᠡᠶᠡᠯᠡᠭᠦᠯᠦᠨ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠨᠠᠩ ᠭᠦᠨ ᠲᠠᠰ ᠳᠠᠪᠬᠤᠷᠭ᠎ᠠ᠂ | ᠨᠠᠩ ᠥᠨᠳᠥᠷ ᠲᠦᠪᠰᠢᠨ᠂ ᠨᠠᠩ ᠥᠷᠭᠡᠨ ᠬᠦᠷᠢᠶ᠎ᠡ ᠴᠠᠷ᠎ᠠ ᠳᠠᠰᠢ ᠥᠷᠭᠡᠳᠬᠦ ᠶᠢ ᠲᠠᠰᠤᠷᠠᠯᠲᠠ ᠦᠭᠡᠢ ᠠᠬᠢᠭᠤᠯᠪᠠ᠃ | | ᠪᠠᠷᠠᠭᠤᠨ ᠦᠵᠦᠮᠦᠴᠢᠨ ᠬᠤᠰᠢᠭᠤ ᠨᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ︾ ᠣᠯᠠᠨ ᠲᠦᠮᠠᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠠᠯᠲᠠᠨ ᠬᠠᠶᠢᠷᠠᠭᠤᠴᠠᠢ ᠤᠬᠠᠭᠤᠯᠤᠨ ᠲᠠᠶᠢᠯᠪᠤᠷᠢᠯᠠᠬᠤ ᠪᠦᠯᠬᠦᠮ᠂ ︽ᠠᠨᠠᠷ ᠤᠨ ᠦᠷ᠎ᠡ︾ ᠬᠢᠴᠢᠶᠡᠯ ᠤᠨ ᠲᠠᠩᠬᠢᠮ᠂ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶᠂ ᠤᠯᠠᠭᠠᠨᠮᠥ᠋ᠴᠢᠷ ᠵᠡᠷᠭᠡ | ᠡᠯ᠎ᠡ ᠲᠥᠷᠥᠯ ᠤᠨ ᠲᠠᠪᠴᠠᠩ ᠤᠨ ᠠᠴᠢᠶᠠᠯᠠᠪᠤᠷᠢ ᠳᠤ ᠲᠦᠰᠢᠭᠯᠡᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ | ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠵᠡᠷᠭᠡ ᠠᠵᠢᠯᠯᠠᠭ᠎ᠠ ᠶᠢ | 840 ᠭᠠᠷᠤᠢ ᠲᠠᠯᠠᠪᠤᠷ ᠤᠳᠠᠭ᠎ᠠ ᠥᠷᠨᠢᠭᠦᠯᠵᠦ᠂ 3 ᠲᠦᠮᠡ ᠭᠠᠷᠤᠢ ᠬᠥᠮᠥᠨ ᠤᠳᠠᠭ᠎ᠠ ᠶᠢ ᠬᠠᠮᠤᠷᠴᠤ᠂ ᠰᠢ ᠶᠢᠨ | ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ | ᠰᠠᠨᠠᠭ᠎ᠠ ᠶᠢ ᠭᠤᠣᠯᠳᠠᠯᠭ᠎ᠠ ᠲᠠᠢ ᠤᠬᠠᠭᠤᠯᠤᠨ ᠲᠠᠶᠢᠯᠪᠤᠷᠢᠯᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ | 256 ᠤᠳᠠᠭ᠎ᠠ ᠤᠬᠠᠭᠤᠯᠤᠨ ᠲᠠᠶᠢᠯᠪᠤᠷᠢᠯᠠᠵᠤ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠢᠨ ︽ᠬᠡᠦᠬᠡᠳ ᠤᠨ | ᠰᠠᠳᠬᠢᠯ ᠨᠠᠮ ᠳᠠᠭᠠᠨ︾᠂ ︽ᠲᠤᠯᠤᠭᠠᠨ ᠨᠢᠭᠡ︾ ᠵᠡᠷᠭᠡ ᠡᠯ᠎ᠡ ᠲᠦᠷᠦᠯ ᠤᠨ ᠦᠢᠯᠡᠳᠦᠯᠭᠡ ᠶᠢᠨ ᠠᠵᠢᠯᠯᠠᠭ᠎ᠠ ᠶᠢ | 230 ᠭᠠᠷᠤᠢ ᠤᠳᠠᠭ᠎ᠠ ᠥᠷᠨᠢᠭᠦᠯᠵᠦ᠂ ᠣᠷᠣᠯᠴᠠᠭᠰᠠᠨ ᠬᠥᠮᠥᠨ ᠤ ᠲᠤᠭ᠎ᠠ 2.8 ᠲᠦᠮᠡ ᠳᠤ ᠭᠦᠷᠦᠭᠰᠠᠨ | ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ ᠤᠬᠠᠭᠤᠯᠭ᠎ᠠ ᠬᠥᠮᠦᠵᠢᠯ ᠤᠨ ᠰᠤᠳᠤᠯᠭᠠᠨ ᠤ ᠰᠢᠰᠲ᠋ᠧᠮ ᠢ | ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠦᠵᠡᠯ | ᠰᠠᠨᠠᠭᠠᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠦᠨᠳᠦᠰᠦᠲᠡᠨ ᠤ ᠠᠵᠢᠯ ᠤᠨ ᠬᠠᠤᠯᠢ ᠲᠣᠭᠲᠠᠭᠠᠯ ᠤᠨ | ᠤᠬᠠᠭᠤᠯᠭ᠎ᠠ ᠶᠢ ᠥᠷᠨᠢᠭᠦᠯᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ | ᠲᠥᠯᠦᠪᠵᠢᠭᠦᠯᠭᠡ ᠶᠢ ᠨᠠᠷᠢᠨ ᠬᠢᠨᠠᠮᠠᠭᠠᠢ ᠲᠥᠯᠥᠪᠵᠢᠭᠦᠯᠦᠨ ᠬᠡᠷᠡᠭᠵᠢᠭᠦᠯᠵᠦ᠂ ︽ᠨᠠᠢᠮᠠᠳᠤᠭᠠᠷ ᠲᠠᠪᠤᠨ ᠵᠢᠯ︾ ᠤᠨ | ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ᠂ | ᠦᠨᠳᠦᠰᠦᠨ ᠱᠠᠲᠤᠨ ᠳᠤ ᠭᠦᠨᠵᠡᠭᠡᠶᠢᠷᠡᠨ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠬᠤᠯᠪᠣᠭᠳᠠᠯ | ᠪᠦᠬᠦᠢ ᠤᠬᠠᠭᠤᠯᠭ᠎ᠠ ᠶᠢ 50 ᠭᠠᠷᠤᠢ ᠤᠳᠠᠭ᠎ᠠ ᠥᠷᠨᠢᠭᠦᠯᠵᠦ᠂ ᠤᠬᠠᠭᠤᠯᠭ᠎ᠠ ᠶᠢᠨ ᠳᠡᠪᠲᠡᠷ ᠢ 1.6 ᠲᠦᠮᠡ | ᠭᠠᠷᠤᠢ ᠬᠤᠪᠢ ᠲᠠᠷᠬᠠᠭᠠᠭᠰᠠᠨ ᠪᠠᠶᠢᠨ᠎ᠠ᠃ | |