ᠬᠦᠳᠡᠭᠡ ᠲᠤᠰᠬᠤᠨ ᠢ ᠬᠦᠭᠵᠢᠬᠦᠯᠦᠨ ᠮᠠᠡᠳᠤᠭᠤᠯᠬᠤ ᠠᠵᠢᠯ ᠳᠤ ᠲᠡᠷᠢᠬᠦᠨ ​ᠡᠩᠨᠡᠬᠡᠨ ᠳᠤ ᠬᠤᠰᠢᠭᠤᠴᠢᠯᠠᠵᠦ ᠶᠠᠪᠤᠭ᠎ᠠ ᠵᠢᠭᠠᠰᠤᠳᠡᠢ ᠭᠠᠴᠠᠭ᠎ᠠ
ᠨᠡᠶᠢᠲᠡᠯᠡᠭᠰᠡᠨ ᠴᠠᠭ᠄
2024/4/11
                                                                  ᠵᠢᠭᠠᠰᠤᠳᠡᠢ ᠭᠠᠴᠠᠭ᠎ᠠ ᠨᠢ ᠨᠠᠮ ᠤᠨ ᠪᠠᠶᠢᠭᠤᠯᠤᠯᠳᠡ ᠪᠠᠷ ᠬᠦᠳᠦᠯᠦᠨ ᠲᠠᠭᠠᠭᠤᠯᠬᠤ ᠶᠢ ᠬᠦᠴᠦᠯᠡᠨ ᠴᠢᠩᠭᠠᠤᠠᠬᠠᠵᠦ᠂ ᠨᠠᠮ ᠤᠨ ᠬᠡᠰᠢᠬᠦᠨ ᠭᠤᠤᠯᠳᠡᠯᠭᠠᠳᠦ ᠡᠷᠦᠬᠡ ᠶᠢ ᠭᠤᠤᠯᠯᠳᠡᠯᠭ᠎ᠠ ᠲᠠᠢ ᠬᠦᠮᠦᠵᠢᠬᠦᠯᠵᠦ᠂ ︿︿ᠨᠠᠮ  ᠤᠨ ᠡᠬᠦᠷ + ᠨᠠᠮ ᠤᠨ ᠬᠡᠰᠢᠬᠦᠨ ᠭᠤᠤᠯᠳᠡᠯᠭᠠᠳᠦ ᠡᠷᠦᠬᠡ + ᠨᠠᠮ ᠤᠨ ᠬᠡᠰᠢᠬᠦᠨ + ᠲᠤᠤᠷᠴᠢᠯᠠᠬᠰᠡᠨ ᠬᠠᠮᠢᠶᠠᠷᠤᠯᠳᠡ ᠶᠢᠨ ᠬᠠᠮᠢᠶᠠᠷᠤᠬᠴᠢ﹀﹀ ᠨᠠᠮ ᠤᠨ ᠪᠠᠶᠢᠭᠤᠯᠤᠯᠳᠡ ᠶᠢᠨ ᠠᠵᠢᠯ ᠤᠨ ᠰᠢᠰᠲ᠋ᠧᠮ ᠢ ᠪᠦᠷᠢᠯᠳᠦᠬᠦᠯᠵᠦ᠂ ᠨᠠᠮ ᠤᠨ ᠬᠡᠰᠢᠬᠦᠨ ᠭᠤᠤᠯᠳᠡᠯᠭᠠᠳᠦ ᠡᠷᠦᠬᠡ ︿︿ᠲᠦᠷᠪᠡᠨ ᠠᠵᠢᠯ ᠤᠨ ᠪᠠᠶᠢᠷᠢ ᠶᠢᠨ ᠡᠬᠦᠷᠬᠡ ᠡᠬᠦᠷᠬᠡᠯᠡᠬᠦ﹀﹀ ᠶᠢ ᠪᠦᠬᠦᠨ ᠢ ᠪᠡᠶᠡᠯᠡᠬᠦᠯᠵᠦ᠂ ︿︿ᠲᠦᠷᠪᠡ ᠶᠢ ᠵᠦᠪᠯᠡᠵᠦ ᠬᠤᠶᠡᠷ ᠢ ᠢᠯᠡ ᠪᠤᠯᠭᠠᠬᠤ﹀﹀ ᠶᠢ ᠬᠡᠷᠡᠭᠵᠢᠬᠦᠯᠬᠦ ᠬᠦᠴᠦᠯᠡᠴᠡ ᠪᠠᠨ ᠴᠢᠩᠭᠤᠠᠬᠠᠵᠦ᠂ ᠦᠡᠳᠦᠰᠦᠨ ᠱᠠᠳᠦᠨ ᠤ ᠵᠠᠰᠡᠯᠳᠡ ᠶᠢᠨ ᠠᠵᠢᠯ ᠢ ᠯᠠᠪᠳᠠᠭᠤᠨ ᠪᠦᠬᠡᠤᠨ ᠡᠮᠬᠢ ᠵᠢᠷᠤᠮ ᠲᠠᠢ ᠦᠷᠨᠢᠬᠦᠯᠵᠦ᠂ ︿︿ᠭᠤᠷᠪᠡᠨ ᠬᠤᠷᠡᠯ ᠨᠢᠬᠡ ᠬᠢᠴᠢᠶᠡᠯ﹀﹀᠂ ᠭᠤᠤᠯ ᠰᠡᠳᠦᠪᠳᠦ ᠨᠠᠮ ᠤᠨ ᠡᠳᠦᠷ᠂ ᠨᠠᠮ ᠤᠨ ᠬᠡᠰᠢᠬᠦᠨ ᠤ ᠭᠤᠤᠯᠳᠡᠯᠭᠠᠳᠦ ᠡᠷᠦᠬᠡ ᠶᠢᠨ ᠭᠤᠤᠯ ᠰᠡᠳᠦᠪᠳᠦ ᠠᠵᠢᠯᠯᠠᠭ᠎ᠠ ᠵᠡᠷᠬᠡ ᠪᠠᠷ ᠠᠴᠢᠶᠠᠯᠠᠪᠤᠷᠢ ᠪᠤᠯᠭᠠᠵᠦ᠂ ᠨᠠᠮ ᠤᠨ ᠬᠡᠰᠢᠬᠦᠨ ᠤ ᠰᠤᠷᠭᠠᠨ ᠬᠦᠮᠦᠵᠢᠯ ᠤᠨ ᠬᠠᠮᠢᠶᠠᠷᠤᠯᠳᠡ ᠶᠢᠨ ᠲᠦᠷᠢᠮ ᠢ  ᠨᠠᠶᠢᠳᠠᠪᠤᠷᠢᠵᠢᠭᠤᠯᠵᠦ  ᠪᠠᠷ ᠦᠡᠳᠦᠰᠦᠨ ᠵᠤᠷᠢᠯᠳᠡ ᠪᠤᠯᠭᠠᠪᠠ᠃     ᠬᠠᠮᠳᠦ ᠶᠢᠨ ᠠᠵᠦ ᠠᠬᠤᠢ ᠶᠢ ᠬᠦᠭᠵᠢᠬᠦᠯᠬᠦ ᠪᠠᠷ ᠤᠷᠢᠳᠡᠯ ᠪᠤᠯᠭᠠᠨ ᠠᠵᠦ ᠦᠢᠯᠡᠰ ᠤᠨ ᠬᠦᠭᠵᠢᠨ ᠮᠠᠠᠳᠤᠯᠳᠡ ᠳᠤ ᠪᠠᠳᠦ ᠪᠠᠬᠢ ᠰᠠᠭᠤᠷᠢ ᠶᠢ ᠴᠤᠬᠴᠠᠯᠠᠪᠠ᠃ ᠭᠠᠴᠠᠭᠠᠨ ᠤ 2000 ᠭᠠᠷᠤᠢ ᠮᠤ᠋ ᠬᠠᠮᠳᠦ ᠶᠢᠨ ᠬᠠᠳᠤᠯᠠᠩ ᠪᠤᠯᠤᠨ 686 ᠬᠠᠮᠳᠦ ᠶᠢᠨ ᠬᠤᠨᠢᠨ ᠰᠦᠷᠦᠭ ᠤᠨ ᠮᠠᠯᠴᠢᠨ ᠡᠷᠦᠬᠡ ᠳᠤ 4 ᠵᠢᠯ ᠢᠶᠠᠷ ᠲᠠᠭᠠᠭᠠᠴᠢᠯᠡᠨ ᠦᠭᠵᠦ᠂ ᠰᠡᠬᠦᠯ ᠤᠨ 2 ᠵᠢᠯ ᠳᠤ 150 ᠲᠦᠬᠦᠷᠢᠭ ᠤᠨ ᠲᠠᠳᠠᠪᠤᠷᠢ ᠲᠠᠳᠠᠬᠤ ᠪᠤᠯᠤᠨ᠎ᠠ᠃ ᠦᠡᠭᠬᠡᠷᠡᠭᠰᠡᠨ ᠵᠢᠯ ᠬᠠᠮᠳᠦ ᠶᠢᠨ ᠤᠷᠤᠯᠭ᠎ᠠ ᠴᠡᠪᠡᠷ ᠤᠷᠤᠯᠭ᠎ᠠ 20 ᠭᠠᠷᠤᠢ ᠲᠦᠮᠡᠨ ᠲᠦᠬᠦᠷᠢᠭ ᠤᠨ ᠤᠷᠤᠯᠭ᠎ᠠ ᠲᠠᠢ ᠪᠤᠯᠵᠠᠢ᠃ ᠡᠬᠦᠨ  ᠤ ᠲᠠᠭᠤ 2013 ᠤᠨ 5 ᠮᠠᠯᠴᠢᠨ ᠡᠷᠦᠬᠡ ᠢ ᠵᠤᠬᠢᠶᠠᠨ ᠪᠠᠶᠢᠭᠤᠯᠤᠨ᠂ ︿︿ᠴᠠᠭᠠᠨ ᠬᠠᠳᠠ﹀﹀ ᠡᠪᠡᠰᠤᠨ ᠤ ᠦᠢᠯᠡᠰ ᠤᠨ ᠲᠤᠰᠬᠠᠢ ᠬᠤᠷᠰᠢᠶᠠᠵᠢᠯ ᠢ ᠪᠠᠶᠢᠭᠤᠯᠵᠠᠢ᠃ ᠲᠤᠰ ᠬᠤᠷᠰᠢᠶᠠᠵᠢᠯ ᠨᠢ 5 ᠡᠷᠦᠬᠡ ᠶᠢᠨ 4 ᠲᠦᠮᠡᠨ ᠮᠤ᠋ ᠬᠠᠳᠤᠯᠡᠩ ᠢᠶᠠᠨ ᠭᠠᠷᠭᠠᠵᠦ ᠪᠠᠶᠢᠭᠤᠯᠤᠬᠰᠡᠨ ᠬᠤᠷᠰᠢᠶᠠᠵᠢᠯ ᠶᠤᠮ᠃ ᠤᠳᠤᠬᠠᠨ ᠳᠤ 4 ᠲᠦᠮᠡᠨ ᠮᠤ᠋ ᠬᠠᠳᠤᠯᠡᠩ  ᠠᠴᠠ ᠪᠠᠨ ᠵᠢᠯ ᠤᠨ 80 ᠭᠠᠷᠤᠢ ᠲᠦᠮᠡᠨ ᠲᠦᠬᠦᠷᠢᠭ ᠤᠨ ᠤᠷᠤᠯᠭ᠎ᠠ ᠲᠠᠢ ᠪᠤᠯᠤᠬᠰᠡᠨ ᠪᠠᠶᠢᠨ᠎ᠠ᠃        ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠯᠬᠦᠮᠳᠡᠨ ᠬᠠᠪᠰᠤᠷᠤᠯᠴᠠᠬᠰᠠᠨ᠂ ᠡᠶ᠎ᠡ ᠨᠠᠶᠢᠷᠳᠠᠢ ᠪᠠᠷ ᠤᠷᠤᠭᠰᠢᠯᠠᠨ ᠳᠠᠪᠰᠢᠬᠰᠠᠨ ᠨᠡᠶᠢᠭᠡᠮ ᠤᠨ ᠠᠭᠤᠷ ᠠᠮᠢᠰᠬᠤᠯ ᠪᠤᠯᠤᠨ ᠤᠬᠢ ᠰᠠᠶᠢᠨ  ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠢᠳᠡᠪᠬᠢᠲᠡᠢ ᠪᠠᠷ ᠪᠤᠢ ᠪᠤᠯᠭᠠᠨ ᠦᠢᠯᠡᠳᠦᠯᠭᠡᠵᠢᠭᠦᠯᠬᠦ ᠶᠢᠨ ᠲᠤᠰᠠᠳᠠ᠂  ᠭᠠᠴᠠᠭ᠎ᠠ ᠶᠢᠨ ︽ᠬᠤᠶᠠᠷ ᠵᠥᠪᠯᠡᠯ︾ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ᠂ ᠡᠮᠡᠭᠲᠡᠶᠢᠴᠦᠳ ᠤᠨ ᠬᠤᠯᠪᠣᠭ᠎ᠠ᠂ ᠡᠪᠯᠡᠯ ᠤᠨ ᠡᠭᠦᠷ ᠪᠤᠯᠤᠨ ᠰᠠᠶᠢᠨ ᠳᠤᠷᠠᠴᠤᠳ ᠲᠠᠢ ᠬᠠᠮᠲᠤᠷᠠᠨ ︽ᠯᠧᠢ ᠹᠧᠩ  ᠠᠴᠠ ᠰᠤᠷᠤᠯᠴᠠᠵᠦ · ᠪᠣᠯᠪᠠᠰᠤᠨ ᠢ ᠦᠢᠯᠡᠳᠦᠯᠭᠡᠵᠢᠭᠦᠯᠬᠦ ᠮᠢᠨᠦ ᠤᠶᠢᠯᠡ ᠠᠵᠢᠯᠯᠠᠭ᠎ᠠ︾ ᠬᠡᠮᠡᠬᠦ ᠬᠠᠨᠳᠢᠪ ᠴᠤᠭᠯᠠᠭᠤᠯᠬᠤ ᠠᠵᠢᠯᠯᠠᠭᠠᠨ ᠦᠷᠨᠢᠬᠦᠯᠦᠭᠰᠡᠨ ᠪᠠᠶᠢᠨ᠎ᠠ  ᠃       ᠠᠵᠢᠯᠯᠠᠭᠠᠨ ᠨᠢ᠂ ᠤᠯᠠᠭᠠᠨᠨᠠᠭᠤᠷ ᠭᠠᠴᠠᠭ᠎ᠠ ᠶᠢᠨ ᠬᠦᠨᠳᠦ ᠡᠪᠡᠳᠴᠢᠲᠡᠨ ᠬᠤᠪᠢᠰᠬᠠᠯᠴᠢ ᠳᠤ ᠵᠣᠭᠤᠰ ᠬᠠᠨᠳᠢᠪᠯᠡᠵᠤ᠂ ᠨᠡᠶᠢᠲᠡ 3420 ᠲᠥᠭᠦᠷᠢᠭ ᠤᠨ ᠬᠠᠨᠳᠢᠪ ᠤᠨ ᠮᠥᠩᠭᠦ ᠴᠤᠭᠯᠠᠭᠤᠯᠤᠨ᠂ ᠬᠠᠮᠳᠦ ᠪᠠᠷ ᠢᠶᠠᠨ ᠡᠪᠡᠳᠴᠢᠲᠡᠨ ᠢ ᠬᠠᠪᠰᠤᠷᠤᠨ ᠪᠡᠷᠬᠡ ᠪᠣᠭᠤᠮᠲᠠ ᠶᠢ ᠲᠤᠭᠤᠯᠤᠭᠤᠯᠵᠦ᠂ ᠡᠪᠡᠳᠴᠢᠲᠡᠨ ᠳᠤ ᠬᠠᠯᠠᠭᠤᠨ ᠳᠤᠯᠠᠭᠠᠨ ᠢ ᠬᠦᠷᠲᠡᠭᠡᠭᠰᠡᠨ ᠪᠠᠶᠢᠨ᠎ᠠ᠃      ᠨᠠᠰᠤᠳᠡᠨ ᠢᠶᠠᠨ ᠬᠦᠡᠳᠦᠯᠡᠨ ᠨᠢᠯᠬᠠᠰ ᠢᠶᠠᠨ ᠬᠠᠶᠢᠷᠠᠯᠠᠬᠤ ᠪᠤᠯ ᠲᠤᠮᠳᠠᠳᠦ ᠶᠢᠨ ᠦᠡᠳᠦᠰᠦᠳᠡᠨ ᠤ ᠤᠯᠡᠮᠵᠢᠯᠠᠯᠳᠦ ᠰᠠᠶᠢᠬᠠᠨ ᠰᠤᠷᠳᠡᠯ ᠮᠦᠨ᠃ ᠵᠢᠭᠠᠰᠤᠳᠡᠢ ᠭᠠᠴᠠᠭ᠎ᠠ ᠨᠢ ᠦᠷᠬᠦᠯᠵᠢ ᠨᠠᠰᠤᠳᠠᠶᠢᠴᠤᠤᠨ ᠢᠶᠠᠨ ᠲᠤᠬᠤᠨᠢᠭᠤᠯᠬᠤ ᠠᠵᠢᠯᠯᠠᠭ᠎ᠠ ᠦᠷᠨᠢᠬᠦᠯᠵᠦ ᠪᠠᠶᠢᠳᠠᠭ᠃ ᠦᠢᠷ᠎ᠡ ᠳᠤ   ︽ᠨᠠᠮ ᠤᠨ ᠢᠶᠠᠨ ᠠᠴᠢ ᠶᠢ ᠮᠡᠳᠡᠷᠡᠨ  ᠨᠠᠮ ᠤᠨ ᠢᠶᠠᠨ ᠦᠭᠡ ᠶᠢ ᠰᠣᠨᠣᠰᠴᠦ  ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠠᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠦ᠂ ᠳᠤᠮᠳᠠᠳᠤ ᠶᠢᠨ ᠦᠨᠳᠦᠰᠦᠲᠡᠨ ᠤ ᠨᠠᠰᠤᠲᠠᠳ ᠢᠶᠠᠨ ᠬᠦᠨᠳᠦᠳᠬᠡᠨ᠂ ᠨᠠᠰᠤᠲᠠᠳ ᠢᠶᠠᠨ ᠬᠠᠶᠢᠷᠠᠯᠠᠵᠦ᠂ ᠨᠠᠰᠤᠲᠠᠳ ᠢᠶᠠᠨ ᠬᠠᠪᠰᠤᠷᠬᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮᠵᠢᠯᠠᠨ ᠪᠠᠳᠠᠷᠠᠭᠤᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠬᠡᠵᠢᠬᠦᠯᠬᠦ ᠥᠷᠲᠡᠭᠡ ᠶᠢᠨ ︽ᠴᠠᠬᠢᠯᠭᠠᠨ ᠴᠡᠨᠡᠭᠯᠡᠬᠦ ᠥᠷᠲᠡᠭᠡ︾ ᠶᠢᠨ ᠡᠬᠢ ᠪᠠᠶᠠᠯᠢᠭ ᠤᠨ ᠳᠠᠪᠠᠭᠤᠯᠢᠭ ᠪᠣᠯᠣᠨ ᠨᠠᠮ ᠤᠨ ᠭᠡᠰᠢᠭᠦᠨ ᠤ ᠭᠤᠣᠯ ᠡᠷᠦᠬᠡ ᠶᠢᠨ ︽ᠬᠥᠭᠦᠷᠭᠡ ᠬᠤᠯᠪᠤᠭᠠᠰᠦ︾ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠡ ᠬᠠᠯᠠᠮᠵᠢ ᠶᠢ ᠮᠠᠯᠴᠢᠨ ᠲᠦᠮᠡᠨ ᠳᠤ ᠬᠦᠷᠭᠡᠨ ᠦᠭᠴᠦ᠂ ᠡᠶ᠎ᠡ ᠵᠣᠬᠢᠴᠠᠯ ᠲᠠᠢ ᠮᠦᠷᠳᠡᠬᠡᠨ ᠠᠴᠢ ᠲᠠᠯᠠᠷᠬᠠᠯ ᠢ ᠮᠡᠳᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠤᠰᠠᠳᠠ᠂  ᠵᠢᠭᠠᠰᠤᠳᠠᠢ ᠭᠠᠴᠠᠭ᠎ᠠ ᠶᠢᠨ ᠨᠠᠮ ᠤᠨ ᠡᠭᠦᠷ᠂ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠬᠡᠵᠢᠬᠦᠯᠬᠦ ᠥᠷᠲᠡᠭᠡ ᠬᠢᠬᠡᠳ ᠨᠠᠮ ᠤᠨ ᠭᠡᠰᠢᠭᠦᠨ ᠤ ᠭᠤᠣᠯᠳᠠᠯᠭ᠎ᠠ ᠲᠠᠢ ᠡᠷᠦᠬᠡ ᠬᠤᠯᠪᠤᠭᠠᠯᠠᠨ ︽ᠨᠠᠮ ᠤᠨ  ᠢᠶᠠᠨ ᠠᠴᠢ ᠶᠢ ᠮᠡᠳᠡᠷᠡᠨ  ᠨᠠᠮ ᠤᠨ ᠢᠶᠠᠨ ᠦᠭᠡ ᠶᠢ ᠰᠣᠨᠣᠰᠴᠦ  ᠨᠠᠮ ᠢᠶᠠᠨ ᠲᠠᠭᠠᠨ ᠤᠷᠤᠭᠰᠢᠯᠠᠬᠤ︾ ᠭᠤᠣᠯ ᠰᠡᠳᠦᠪᠲᠦ ᠤᠬᠠᠭᠤᠯᠭ᠎ᠠ ᠲᠠᠶᠢᠯᠪᠤᠷᠢᠯᠠᠯᠳᠠ ᠵᠢᠴᠢ ᠨᠠᠰᠤᠲᠠᠶᠢᠴᠤᠤᠯ ᠢᠶᠠᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭᠠᠨ ᠥᠷᠨᠢᠭᠦᠯᠵᠡᠢ᠃      ᠠᠵᠢᠯᠯᠠᠭᠠᠨ ᠨᠢ ᠡᠩ ᠲᠡᠷᠢᠭᠦᠨ ᠳᠤ ᠨᠠᠰᠤᠲᠠᠶᠢᠴᠤᠳ ᠢ ᠵᠤᠬᠢᠶᠠᠨ ᠪᠠᠶᠢᠭᠤᠯᠵᠦ ᠰᠦᠢᠳᠬᠡᠯ ᠦᠬᠡᠢ ᠪᠠᠷ ᠪᠡᠶ᠎ᠡ ᠶᠢᠨ ᠪᠠᠶᠢᠴᠠᠭᠠᠯᠳᠠ ᠬᠢᠵᠦ ᠦᠭᠬᠦᠭᠰᠡᠨ ᠪᠠᠶᠢᠨ᠎ᠠ᠃ ᠭᠠᠴᠠᠭᠠᠨ ᠤ ᠪᠠᠨ 65 ᠨᠠᠰᠤᠨ ᠠᠴᠠ ᠳᠡᠭᠡᠭᠰᠢᠬᠢ 12 ᠨᠠᠰᠤᠲᠠᠨ ᠢ ᠵᠣᠬᠢᠶᠠᠨ ᠪᠠᠶᠢᠭᠤᠯᠵᠤ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠳᠤ ᠰᠦᠢᠳᠬᠡᠯ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠨᠠᠰᠤᠲᠠᠶᠢᠴᠤᠳ ᠤᠨ ᠠᠮᠢᠳᠤᠷᠡᠯ ᠤᠨ ᠴᠢᠨᠡᠷ ᠴᠢᠨᠰᠠᠭ᠎ᠠ  ᠶᠢ ᠴᠢᠩᠭᠠᠳᠬᠠᠨ᠂ ᠮᠠᠯᠴᠢᠨ ᠲᠦᠮᠡᠨ ᠤ ᠡᠷᠡᠭᠦᠯ ᠴᠢᠬᠢᠷᠠᠭ ᠤᠨ ᠲᠤᠬᠠᠢ ᠮᠡᠳᠡᠯᠭᠡ ᠲᠠᠨᠢᠯᠲᠠ ᠶᠢ ᠨᠢ ᠳᠡᠭᠡᠭᠰᠢᠯᠡᠭᠦᠯᠦᠭᠰᠡᠨ ᠪᠠᠶᠢᠨ᠎ᠠ᠃     ᠰᠠᠶᠢᠨ ᠲᠤᠷᠡᠴᠣᠳ ᠢ ᠵᠣᠬᠢᠶᠠᠨ ᠪᠠᠶᠢᠭᠤᠯᠵᠦ᠂ ᠭᠠᠴᠠᠭᠠᠨ ᠤ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠢ ᠲᠤᠬᠤᠨᠢᠭᠤᠯᠤᠨ ᠦᠵᠡᠪᠡ᠃ ᠪᠣᠳᠠᠲᠤ ᠠᠵᠢᠯᠯᠠᠭ᠎ᠠ ᠪᠠᠷ ᠢᠶᠠᠨ  ᠮᠠᠯᠴᠢᠨ ᠲᠦᠮᠡᠨ ᠨᠢᠭᠡᠪᠦᠷᠢ ᠳᠤ ᠰᠠᠶᠢᠲᠤᠷ ᠦᠢᠯᠡᠴᠢᠯᠡᠨ᠂ ᠬᠠᠶᠢᠷ᠎ᠠ ᠬᠠᠯᠠᠮᠵᠢ ᠪᠠᠷ ᠠᠷᠠᠳ ᠤᠯᠠᠨ ᠤ ᠪᠠᠨ ᠰᠡᠳᠬᠢᠯ ᠢ ᠳᠤᠯᠠᠭᠠᠴᠠᠭᠤᠯᠵᠤ᠂ ᠨᠠᠮ ᠤᠨ ᠣᠯᠠᠨ ᠲᠦᠮᠡᠨᠴᠢ ᠱᠤᠭᠤᠮ ᠢ ᠪᠣᠳᠠᠲᠠᠢ ᠪᠠᠷ ᠨᠠᠶᠢᠳᠠᠪᠤᠷᠢᠵᠢᠭᠤᠯᠠᠠᠰᠠᠨ ᠪᠠᠶᠢᠨ᠎ᠠ᠃     ᠭᠠᠴᠠᠭᠠᠨ ᠤ ᠪᠠᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠢ ᠵᠣᠬᠢᠶᠠᠨ ᠪᠠᠶᠢᠭᠤᠯᠵᠤ ᠴᠠᠶᠢᠯᠠᠯᠭ᠎ᠠ ᠬᠢᠵᠠᠢ ᠃ ᠴᠠᠶᠢᠯᠠᠯᠭ᠎ᠠ ᠳᠤ᠂ ︽ᠨᠠᠮ ᠤᠨ ᠢᠶᠠᠨ ᠠᠴᠢ ᠶᠢ ᠮᠡᠳᠡᠷᠡᠨ᠂ ᠨᠠᠮ ᠤᠨ ᠢᠶᠠᠨ ᠦᠭᠡ ᠶᠢ ᠰᠣᠨᠣᠰᠴᠦ᠂ ᠨᠠᠮ ᠢᠶᠠᠨ ᠲᠠᠭᠠᠨ ᠤᠷᠤᠭᠰᠢᠯᠠᠬᠤ︾ ᠭᠤᠣᠯ ᠰᠡᠳᠦᠪ ᠤᠨ ᠲᠣᠭᠤᠷᠢᠨ ᠳᠤ᠂ ︽︿ᠵᠢᠷᠭᠤᠭᠠᠨ ᠥᠭᠦᠯᠡᠪᠦᠷᠢ﹀ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠣᠶᠢᠯᠠᠭᠠᠨ ᠡᠵᠡᠮᠰᠢᠬᠦ︾ ᠵᠢᠴᠢ ︽ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠰᠤᠷᠤᠯᠴᠠᠨ ᠣᠶᠢᠯᠠᠭᠠᠬᠤ ᠵᠡᠷᠭᠡ ᠲᠠᠯ᠎ᠠ ᠪᠠᠷ ᠭᠦᠨᠵᠡᠭᠡᠢ ᠮᠦᠷᠳᠡᠬᠡᠨ ᠣᠶᠢᠯᠠᠭᠠᠮᠵᠢᠲᠠᠢ ᠲᠠᠶᠢᠯᠤᠮᠵᠢ ᠬᠢᠵᠦ᠂ ᠭᠠᠴᠠᠭᠠᠨ ᠤ ᠪᠠᠨ ᠣᠯᠠᠨ ᠲᠦᠮᠡᠨ ᠢ ᠤᠯᠠᠮ ᠴᠢᠨᠠᠭᠰᠢᠳᠠ ᠨᠠᠮ ᠤᠨ ᠠᠴᠢ ᠶᠢ ᠮᠡᠳᠡᠷᠡᠨ᠂ ᠨᠠᠮ ᠤᠨ ᠶᠢᠨ ᠦᠭᠡ ᠶᠢ ᠰᠣᠨᠣᠰᠴᠦ᠂ ᠨᠠᠮ ᠢᠶᠠᠨ ᠲᠠᠭᠠᠨ ᠤᠷᠤᠭᠰᠢᠯᠠᠬᠤ ᠲᠡᠰᠢ ᠬᠦᠳᠦᠯᠦᠨ ᠵᠢᠯᠤᠭᠤᠳᠴᠠᠢ᠃     ᠮᠠᠯᠴᠢᠨ ᠲᠦᠮᠡᠨ ᠳᠤ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠬᠡᠷᠡᠭ ᠪᠠ ᠶᠣᠰᠣ ᠤᠴᠢᠷ ᠤᠨ ᠴᠢᠬᠤᠯᠠ ᠠᠴᠢ ᠬᠤᠯᠪᠣᠭᠳᠠᠯ ᠢ ᠤᠯᠠᠮ  ᠴᠢᠨᠠᠭᠰᠢᠳᠠ ᠣᠶᠢᠯᠠᠭᠠᠭᠤᠯᠤᠨ ᠡᠵᠡᠮᠰᠢᠭᠦᠯᠵᠠᠢ᠃ ᠲᠠᠷᠠᠭᠠᠴᠢ ᠶᠢᠨ ᠠᠯᠬᠤᠮ ᠳᠤ᠂ ᠦᠷᠬᠦᠯᠵᠢᠯᠡᠨ ᠭᠠᠴᠠᠭ᠎ᠠ ᠶᠢᠨ ᠢᠶᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠮᠠᠯᠴᠢᠨ ᠲᠦᠮᠡᠨ ᠤ ᠱᠠᠭᠠᠷᠳᠠᠵᠦ ᠪᠠᠶᠢᠭ᠎ᠠ ᠲᠤᠯᠭᠠᠮ᠎ᠠ᠂ ᠬᠦᠴᠢᠷ᠂ ᠵᠣᠪᠠᠨᠢᠯ᠂ ᠬᠦᠰᠡᠯ ᠢ ᠰᠢᠢᠳᠪᠦᠷᠢᠯᠡᠬᠦ ᠠᠴᠠ ᠭᠠᠷᠳᠠᠵᠦ᠂ ᠭᠠᠴᠠᠭᠠᠨ ᠤ ᠪᠠᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠵᠤᠶᠢᠯ ᠤᠨ ᠰᠢᠨ᠎ᠡ ᠴᠠᠭ ᠦᠶ᠎ᠡ ᠶᠢᠨ ᠪᠣᠯᠪᠠᠰᠤᠨ  ᠢ ᠤᠶᠢᠯᠡᠳᠦᠯᠬᠡᠵᠢᠬᠦᠯᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠮᠠᠯᠴᠢᠨ ᠲᠦᠮᠡᠨ ᠳᠤ ᠪᠣᠳᠠᠲᠤ ᠶᠠᠪᠤᠳᠠᠯ ᠬᠢᠵᠦ᠂ ᠮᠠᠯᠴᠢᠨ ᠲᠦᠮᠡᠨ ᠤ ᠬᠦᠷᠲᠡᠮᠵᠢᠳᠦ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠬᠢᠬᠡᠳ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃     ᠳᠠᠷᠠᠭᠠᠴᠢ ᠶᠢᠨ ᠠᠯᠬᠤᠮ ᠳᠤ᠂  ᠵᠠᠭᠠᠰᠤᠳᠡᠢ ᠭᠠᠴᠠᠭ᠎ᠠ ᠨᠢ  ᠵᠤᠷᠢᠭᠤᠯᠬᠤ᠂ ᠨᠥᠬᠦᠷᠰᠡᠭ᠂ ᠬᠠᠷᠢᠯᠴᠠᠨ ᠬᠠᠪᠰᠤᠷᠤᠯᠴᠠᠬᠤ ᠪᠠ ᠤᠷᠤᠭᠰᠢᠯᠠᠨ ᠳᠠᠪᠰᠢᠬᠤ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠥᠷᠭᠡᠨ ᠲᠡᠯᠬᠡᠷ ᠪᠠᠳᠠᠷᠠᠭᠤᠯᠤᠨ᠂ ᠯᠧᠢ ᠹᠧᠩ ᠠᠴᠠ ᠰᠤᠷᠤᠯᠴᠠᠬᠤ ᠤᠶᠢᠯᠡ ᠠᠵᠢᠯᠯᠠᠭ᠎ᠠ ᠶᠢ ᠶᠡᠷᠦᠳᠡ ᠶᠢᠨ  ᠵᠠᠩᠰᠢᠯ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠢᠳᠡᠪᠬᠢ ᠦᠢᠯᠡᠳᠦᠯ ᠢ ᠨᠡᠩ ᠰᠠᠶᠢᠳᠤᠷ ᠪᠠᠳᠠᠷᠠᠭᠤᠯᠤᠨ᠂ ᠬᠠᠷᠢᠶᠠᠯᠠᠭᠳᠠᠬᠤ ᠣᠷᠣᠨ ᠤ ᠪᠠᠨ ᠣᠯᠠᠨ ᠲᠦᠮᠡᠨ ᠤ ᠬᠦᠷᠲᠡᠮᠵᠢᠳᠦ ᠲᠦᠷᠦᠭᠳᠡᠯ ᠬᠢᠬᠡᠳ ᠵᠣᠯ ᠵᠢᠷᠭᠠᠯᠲᠤ ᠲᠦᠷᠦᠭᠳᠡᠯ ᠢ ᠴᠢᠨᠠᠭᠰᠢᠳᠠ ᠳᠡᠭᠡᠭᠰᠢᠯᠡᠭᠦᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号