ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠷᠧᠨ ᠳ᠋ᠧ ᠰᠢᠨ ᠬᠠᠷᠢᠶᠠᠲᠤ ᠣᠷᠣᠨ ᠤ ᠤᠰᠤᠨ ᠴᠥᠭᠦᠷᠥᠮ ᠳᠤ ᠬᠠᠪᠤᠷ ᠤᠨ ᠦᠶᠡᠷ ᠢ ᠰᠡᠷᠭᠡᠶᠢᠯᠡᠨ ᠭᠠᠯ ᠢ ᠰᠡᠷᠭᠡᠶᠢᠯᠡᠬᠦ ᠵᠡᠷᠭᠡ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/4/11
     4 ᠰᠠᠷ᠎ᠠ ᠶᠢᠨ 9 ᠤ ᠡᠳᠦᠷ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠷᠧᠨ ᠳ᠋ᠧ ᠰᠢᠨ ᠶᠡᠭᠡ ᠵᠢᠷ ᠤᠨ ᠭᠤᠣᠯ ᠤᠨ ᠤᠰᠤᠨ ᠴᠥᠭᠦᠷᠥᠮ ᠤᠨ ᠬᠠᠪᠤᠷ ᠤᠨ ᠦᠶᠡᠷ ᠢ ᠰᠡᠷᠭᠡᠶᠢᠯᠡᠬᠦ᠂ ᠭᠠᠯ ᠢ ᠰᠡᠷᠭᠡᠶᠢᠯᠡᠬᠦ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠲᠤᠬᠠᠢ ᠶᠢᠨ ᠲᠠᠯᠠᠪᠤᠷ ᠲᠤ ᠬᠢᠨᠠᠨ ᠵᠢᠯᠤᠭᠤᠳᠴᠤ ᠪᠠᠶᠢᠴᠠᠭᠠᠪᠠ᠃
          ᠷᠧᠨ ᠳ᠋ᠧ ᠰᠢᠨ ᠣᠳᠣᠬᠠᠨ ᠤ ᠤᠰᠤᠨ ᠴᠥᠭᠦᠷᠥᠮ ᠤᠨ ᠪᠠᠭᠲᠠᠭᠠᠮᠵᠢ ᠶᠢᠨ ᠪᠠᠶᠢᠳᠠᠯ᠂ ᠡᠳᠦᠷ ᠪᠦᠷᠢ ᠶᠢᠨ ᠳᠡᠭᠡᠳᠦ ᠤᠷᠤᠰᠬᠠᠯ ᠤᠨ ᠤᠰᠤᠨ ᠤ ᠪᠠᠶᠢᠳᠠᠯ᠂ ᠤᠷᠤᠰᠬᠠᠯ ᠤᠨ ᠪᠠᠶᠢᠳᠠᠯ᠂ ᠠᠪᠤᠭᠰᠠᠨ ᠭᠤᠣᠯ ᠠᠷᠭ᠎ᠠ ᠬᠡᠮᠵᠢᠶ᠎ᠡ ᠵᠡᠷᠭᠡ ᠶᠢ ᠨᠠᠷᠢᠨ ᠠᠰᠠᠭᠤᠨ‌ᠯᠠᠪᠯᠠᠬᠤ ᠶᠢᠨ ᠬᠠᠮᠳᠤ ᠬᠢᠨᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠣᠳᠣᠬᠠᠨ ᠤ ᠬᠠᠪᠤᠷ ᠤᠨ ᠦᠶᠡᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠴᠢᠬᠤᠯᠠ ᠴᠢᠨᠠᠷ ᠪᠣᠯᠣᠨ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠴᠡᠭᠴᠡᠯᠡᠨ ᠵᠠᠰᠠᠬᠤ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠬᠦ ᠤᠯᠤᠰ ᠲᠦᠷᠦ ᠶᠢᠨ ᠬᠠᠷᠢᠭᠤᠴᠠᠯᠭ᠎ᠠ᠂ ᠨᠡᠶᠢᠭᠡᠮ ᠤᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠦᠶᠡᠷ ᠢ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠣᠳᠣᠬᠠᠨ ᠤ ᠠᠶᠤᠯᠬᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠵᠢᠴᠢ ᠦᠶᠡᠷ ᠢ ᠰᠡᠷᠭᠡᠶᠢᠯᠡᠬᠦ ᠶᠡᠷᠦᠩᠬᠡᠢ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠲᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠲᠠᠯᠳᠠ ᠭᠡᠮ ᠢ ᠲᠠᠬᠢᠨ ᠵᠢᠭᠰᠠᠭᠠᠨ ᠪᠠᠶᠢᠴᠠᠭᠠᠵᠤ᠂ ᠲᠠᠬᠢᠨ ᠴᠡᠭᠴᠡᠯᠡᠨ ᠵᠠᠰᠠᠬᠤ ᠬᠡᠷᠡᠭᠲᠡᠢ᠃ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠤᠨ ᠬᠡᠮ ᠰᠣᠭᠤᠭ ᠲᠤ ᠴᠢᠭᠯᠡᠭᠦᠯᠦᠨ ᠲᠠᠩᠰᠠ ᠡᠪᠬᠡᠮᠡᠯ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠵᠤ᠂ ᠬᠥᠮᠥᠷᠭᠡ ᠶᠢᠨ ᠪᠠᠭᠲᠠᠭᠠᠮᠵᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠲᠦᠭᠰᠢᠭᠦᠷᠢ ᠶᠢ ᠪᠠᠭᠤᠷᠠᠭᠤᠯᠬᠤ ᠪᠠ ᠲᠣᠭᠤᠷᠢᠨ ᠪᠠᠶᠢᠴᠠᠭᠠᠵᠤ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ ᠦᠶᠡᠷ ᠢ ᠰᠡᠷᠭᠡᠶᠢᠯᠡᠬᠦ᠂ ᠭᠠᠯ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠬᠦᠯᠦᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯ ᠢ ᠤᠷᠢᠳᠴᠢᠯᠠᠨ ᠰᠠᠶᠢᠲᠤᠷ ᠬᠢᠵᠦ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号