ᠨᠠᠰᠤᠨ ᠳᠤ ᠥᠯᠥ ᠬᠦᠷᠦᠭᠰᠡᠳ ᠢ ᠰᠠᠶᠢᠲᠤᠷ ᠬᠠᠮᠠᠭᠠᠯᠠᠨ᠎ᠠ
ᠨᠡᠶᠢᠲᠡᠯᠡᠭᠰᠡᠨ ᠴᠠᠭ᠄
2024/4/11
      ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠢᠯᠡᠳᠦᠯ ᠴᠢᠳᠠᠪᠬᠢ  ᠪᠠᠨ ᠢᠳᠡᠪᠬᠢᠲᠡᠢ ᠪᠠᠳᠠᠷᠠᠭᠤᠯᠵᠤ᠂ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠲᠠᠢ ᠨᠢᠭᠲᠠ ᠤᠶᠠᠯᠳᠤᠭᠤᠯᠤᠨ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠢ ᠬᠠᠮᠠᠭᠠᠯᠠᠬᠤ ᠪᠠᠷ ᠬᠦᠴᠦᠯᠡᠬᠦ ᠴᠡᠭ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ︽ᠰᠡᠷᠭᠡᠶᠢᠯᠡᠯᠲᠡ ᠶᠢᠨ ᠬᠡᠷᠡᠮ︾ ᠢ ᠦᠨᠡᠨ ᠬᠦ ᠪᠠᠬᠢᠵᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠪᠥᠬᠦ ᠬᠦᠴᠦᠨ  ᠢᠶᠠᠷ ᠢᠶᠠᠨ ᠰᠠᠬᠢᠨ ᠬᠠᠮᠠᠭᠠᠯᠠᠵᠤ ᠪᠤᠢ᠃     ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠠᠬᠢᠭᠤᠯᠪᠠ     ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠢᠮᠠᠭᠲᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠡᠭᠡ ᠲᠠᠯ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ︽ᠬᠡᠦᠬᠡᠳ ᠪᠠᠭᠠᠴᠤᠳ ᠢ ᠬᠠᠮᠠᠭᠠᠯᠠᠵᠤ ᠰᠤᠷᠭᠠᠭᠤᠯᠢ ᠶᠢ ᠲᠠᠶᠢᠪᠤᠩ ᠪᠠᠶᠢᠯᠭᠠᠬᠤ︾ ᠲᠤᠰᠬᠠᠢ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ  ᠲᠣᠪᠴᠢᠶᠠᠨ ᠤ 2023 ᠣᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠡᠦᠬᠡᠳ ᠪᠠᠭᠠᠴᠤᠳ ᠢ ᠬᠠᠮᠠᠭᠠᠯᠠᠵᠤ ᠰᠤᠷᠭᠠᠭᠤᠯᠢ ᠶᠢ ᠲᠠᠶᠢᠪᠤᠩ ᠪᠠᠶᠢᠯᠭᠠᠬᠤ ᠲᠤᠰᠬᠠᠢ ᠠᠵᠢᠯ ᠤᠨ ᠲᠥᠰᠥᠯ︾ ᠵᠡᠷᠭᠡ ᠶᠢ ᠲᠣᠭᠲᠠᠭᠠᠵᠤ᠂ ᠪᠥᠬᠦ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠢᠴᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠪᠥᠭᠡᠳ ᠪᠦᠲᠦᠮᠵᠢᠲᠡᠶ ᠥᠷᠨᠢᠭᠦᠯᠬᠦ ᠶᠢ ᠬᠦᠴᠦᠲᠡᠢ ᠠᠬᠢᠭᠤᠯᠪᠠ᠃ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠡᠮᠬᠢ ᠵᠢᠷᠤᠮ ᠢ ᠬᠠᠮᠲᠤᠪᠠᠷ ᠪᠠᠶᠢᠭᠤᠯᠪᠠ     ︽ᠴᠠᠭᠳᠠᠭ᠎ᠠ ᠪᠠ ᠰᠤᠷᠭᠠᠭᠤᠯᠢ ᠬᠠᠮᠲᠤᠪᠡᠷ ᠬᠦᠮᠦᠵᠢᠭᠦᠯᠬᠦ︾ ᠤᠬᠠᠭᠤᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ︽ᠳᠣᠯᠤᠭ᠎ᠠ ᠳᠤ ᠬᠦᠷᠭᠡᠬᠦ︾ ᠤᠬᠠᠭᠤᠯᠭ᠎ᠠ ᠲᠠᠢ ᠤᠶᠠᠯᠳᠤᠭᠤᠯᠤᠨ᠂ ᠰᠤᠷᠭᠠᠭᠤᠯᠢ ᠵᠢᠴᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠳᠤ ᠬᠦᠷᠴᠦ ᠤᠬᠠᠭᠤᠯᠤᠨ ᠬᠥᠮᠥᠵᠢᠭᠦᠯᠬᠦ ᠠᠵᠢᠯᠯᠠᠭ᠎ᠠ ᠥᠷᠨᠢᠭᠦᠯᠪᠡ᠃ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠢ ᠲᠣᠬᠢᠶᠠᠯᠳᠤᠭᠤᠯᠤᠨ᠂ ᠰᠤᠷᠭᠠᠭᠤᠯᠢ  ᠳᠤ ᠭᠦᠨᠵᠡᠭᠡᠶᠢᠷᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠬᠤᠣᠷ ᠴᠠᠭᠠᠵᠠᠯᠠᠬᠤ᠂ ᠰᠦᠯᠵᠢᠶᠡᠨ ᠤ ᠮᠡᠬᠡᠯᠡᠯ ᠢ ᠡᠰᠡᠷᠭᠦᠴᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠲᠠᠯ᠎ᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ  ᠥᠷᠨᠢᠭᠦᠯᠵᠦ᠂ ︽ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠠᠭᠠᠯᠠᠬᠤ︾ ᠭᠤᠣᠯ ᠰᠡᠳᠦᠪᠲᠦ ᠵᠢᠷᠤᠭ ᠤᠨ ᠤᠷᠤᠯᠳᠤᠭᠠᠨ ᠡᠷᠬᠢᠯᠡᠬᠦ᠂ ᠤᠬᠠᠭᠤᠯᠭ᠎ᠠ ᠶᠢᠨ ᠰᠠᠮᠪᠠᠷ᠎ᠠ  ᠪᠠᠷ ᠳᠡᠯᠭᠡᠨ ᠬᠠᠷᠠᠭᠤᠯᠬᠤ᠂ ᠤᠬᠠᠭᠤᠯᠭ᠎ᠠ ᠶᠢᠨ ᠬᠠᠭᠤᠳᠠᠰᠤ  ᠲᠠᠷᠬᠠᠭᠠᠬᠤ᠂ ᠺᠠᠷᠲ᠋ᠣᠨ PPT ᠰᠣᠨᠢᠷᠬᠠᠭᠤᠯᠬᠤ ᠵᠡᠷᠭᠡ ᠰᠤᠷᠤᠭᠴᠢᠳ ᠤᠨ ᠰᠣᠨᠢᠷᠬᠠᠯ ᠢ ᠲᠠᠲᠠᠭᠰᠠᠨ ᠠᠷᠭ᠎ᠠ ᠮᠠᠶ᠋ᠢᠭ ᠢᠶᠠᠷ ᠬᠤᠣᠷ ᠴᠠᠭᠠᠵᠠᠯᠠᠬᠤ᠂ ᠮᠡᠬᠡᠯᠡᠯ ᠢ ᠡᠰᠡᠷᠭᠦᠴᠡᠬᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠵᠠᠮ ᠬᠠᠷᠢᠯᠴᠠᠭ᠎ᠠ᠂ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠶᠡᠬᠡᠪᠡᠷ ᠤᠬᠠᠭᠤᠯᠵᠤ᠂ ᠪᠠᠭᠰᠢ ᠰᠤᠷᠤᠭᠴᠢᠳ ᠤᠨ ᠬᠠᠤᠯᠢ ᠪᠠᠷ ᠵᠠᠰᠠᠬᠤ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃      ᠴᠢᠩᠭ᠎ᠠ ᠬᠠᠮᠢᠶᠠᠷᠤᠨ ᠡᠵᠡᠮᠳᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠰᠤᠷᠭᠠᠭᠤᠯᠢ ᠶᠢᠨ ᠡᠷᠬᠢᠨ ᠲᠣᠭᠤᠷᠢᠨ ᠤ ᠠᠮᠤᠷ ᠲᠦᠪᠰᠢᠨ ᠤ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠰᠤᠷᠭᠠᠭᠤᠯᠢ ᠶᠢᠨ ᠡᠷᠭᠢᠨ ᠲᠣᠭᠤᠷᠢᠨ ᠳᠠᠬᠢ ᠪᠠᠭᠤᠳᠠᠯ᠂ ᠰᠦᠯᠵᠢᠶᠡᠨ ᠪᠠᠭᠠᠷ᠂  ᠲᠦᠷᠢᠶᠡᠰᠦᠨ ᠭᠡᠷ᠂ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠢ ᠪᠠᠶᠢᠩᠭᠤ ᠴᠡᠭᠴᠡᠯᠡᠨ ᠵᠠᠰᠠᠵᠤ᠂ ᠰᠤᠷᠭᠠᠭᠤᠯᠢ ᠶᠢᠨ ᠠᠮᠤᠷ ᠲᠦᠪᠰᠢᠨ ᠤ ᠬᠡᠮ ᠰᠣᠭᠤᠭ ᠢ ᠰᠠᠶᠢᠲᠤᠷ ᠠᠷᠢᠯᠭᠠᠵᠤ᠂ ᠰᠤᠷᠭᠠᠭᠤᠯᠢ ᠶᠢᠨ ᠡᠷᠬᠢᠨ ᠲᠣᠭᠤᠷᠢᠨ ᠤ ᠠᠮᠤᠷ ᠲᠦᠪᠰᠢᠨ ᠢ ᠪᠠᠲᠤᠯᠠᠪᠠ᠃     ᠴᠣᠬᠢᠯᠲᠠ ᠥᠭᠬᠦ ᠰᠡᠷᠭᠡᠶᠢᠯᠡᠬᠦ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠰᠤᠷᠭᠠᠭᠤᠯᠢ ᠶᠢᠨ  ᠠᠮᠤᠷ ᠲᠦᠪᠰᠢᠨ ᠤ ᠲᠣᠣᠷ ᠢ ᠨᠢᠭᠲᠠᠷᠠᠭᠤᠯᠪᠠ     ᠴᠠᠭᠳᠠᠭᠠᠨ ᠬᠦᠴᠦᠨ ᠢ ᠵᠣᠬᠢᠶᠠᠨ ᠪᠠᠶᠢᠭᠤᠯᠤᠨ ︽ᠰᠤᠷᠤᠯᠭ᠎ᠠ ᠶᠢ ᠬᠠᠮᠠᠭᠠᠯᠠᠬᠤ ᠠᠵᠢᠯ ᠤᠨ ᠪᠠᠶᠢᠷᠢ︾ ᠶᠢᠨ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠢ ᠲᠣᠣᠷᠵᠢᠭᠤᠯᠤᠨ‌‍ᠴᠠᠭᠳᠠᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠭᠤᠣᠯᠳᠠᠯᠭ᠎ᠠ ᠲᠠᠢ ᠣᠷᠣᠨ ᠳᠤ ᠣᠷᠣᠭᠤᠯᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ︽ᠥᠴᠥᠬᠡᠨ ᠴᠦ ᠠᠭᠤᠴᠢᠯᠠᠬᠤ ᠦᠭᠡᠢ︾ ᠪᠠᠶᠢᠵᠤ᠂ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠰᠠᠮᠠᠭᠤᠷᠠᠭᠤᠯᠵᠤ᠂ ᠪᠠᠭᠰᠢ ᠰᠣᠷᠣᠭᠴᠢ ᠶᠢᠨ ᠪᠡᠶ᠎ᠡ ᠮᠠᠬᠠᠪᠤᠳ ᠡᠳ᠋ ᠬᠥᠷᠥᠩᠭᠡ ᠶᠢᠨ ᠠᠮᠤᠷ ᠲᠦᠪᠰᠢᠨ ᠳᠤ ᠬᠠᠯᠳᠠᠬᠤ ᠵᠡᠷᠭᠡ ᠬᠠᠤᠯᠢ   ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢ ᠪᠠᠷᠢᠮᠲᠠᠯᠠᠭᠰᠠᠭᠠᠷ ᠢᠷᠡᠵᠡᠢ᠃ ᠰᠤᠷᠤᠭᠴᠢᠳ ᠰᠤᠷᠭᠠᠭᠤᠯᠢ ᠳᠤ ᠪᠠᠨ ᠬᠦᠷᠬᠦ᠂ ᠬᠢᠴᠢᠶᠡᠯ ᠪᠠᠭᠤᠵᠤ ᠭᠡᠷ ᠲᠡᠭᠡᠨ ᠬᠠᠷᠢᠬᠤ ᠦᠶ᠎ᠡ ᠳᠤ ᠴᠠᠭᠳᠠᠭ᠎ᠠ ᠨᠡᠮᠡᠨ ᠲᠣᠬᠢᠷᠠᠭᠤᠯᠵᠤ ᠲᠣᠭᠲᠠᠭᠰᠠᠨ ᠴᠡᠭ ᠲᠤ ᠵᠢᠵᠢᠭᠦᠷᠯᠡᠬᠦ ᠪᠠ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠠᠭᠠᠯᠠᠨ᠂ ︽ᠰᠤᠷᠤᠯᠭ᠎ᠠ ᠶᠢ ᠬᠠᠮᠠᠭᠠᠯᠠᠬᠤ ᠠᠵᠢᠯ ᠤᠨ ᠪᠠᠶᠢᠷᠢ︾ ᠳᠤ ᠨᠡᠶᠢᠳᠡ 9000 ᠭᠠᠷᠤᠢ ᠤᠳᠠᠭ᠎ᠠ ᠴᠠᠭᠳᠠᠭᠠᠨ ᠬᠦᠴᠦᠨ ᠢ ᠬᠥᠳᠡᠯᠭᠡᠪᠡ᠃      ︽ᠳᠠᠷᠠᠭ᠎ᠠ ᠠᠯᠬᠤᠮ ᠳᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠪᠥᠬᠦ ᠬᠤᠰᠢᠭᠤᠨ ᠤ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠢᠮᠠᠭᠲᠠ ᠴᠢᠬᠤᠯᠠ ᠠᠵᠢᠯ ᠪᠣᠯᠭᠠᠨ ᠠᠳᠬᠤᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢ ᠶᠡᠭᠡ ᠪᠠᠷ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠣᠷᠴᠢᠨ ᠲᠣᠭᠤᠷᠢᠨ ᠢ ᠦᠷᠭᠦᠯᠵᠢᠯᠡᠨ ᠬᠦᠴᠦᠲᠡᠢ ᠬᠠᠮᠠᠭᠠᠯᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠥᠬᠦ ᠲᠠᠯ᠎ᠠ ᠪᠠᠷ ᠰᠠᠬᠢᠨ ᠬᠠᠮᠠᠭᠠᠯᠠᠨ᠎ᠠ︾ ᠭᠡᠵᠦ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠪᠡ᠃       ᠪᠠᠷᠠᠭᠤᠨ ᠦᠵᠦᠮᠦᠴᠢᠨ ᠬᠤᠰᠢᠭᠤᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠶᠢᠨ ᠳᠡᠳ᠋ ᠳᠠᠷᠤᠭ᠎ᠠ  ᠰᠢᠨᠡᠪᠠᠭᠠᠲᠤᠷ : ︽ᠨᠠᠰᠤᠨ ᠳᠤ ᠦᠯᠤ ᠬᠥᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠨᠠᠰᠤᠨ ᠳᠤ ᠦᠯᠤ ᠬᠥᠷᠦᠭᠰᠡᠳ ᠲᠤ ᠴᠢᠭᠯᠡᠭᠦᠯᠦᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠪᠣᠯ ᠮᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠨ‌‍ᠴᠢᠬᠤᠯᠠ ᠡᠭᠦᠷᠭᠡ ᠬᠠᠷᠢᠭᠤᠴᠠᠯᠭ᠎ᠠ ᠪᠣᠯᠣᠨ᠎ᠠ᠃ ᠣᠶᠢᠷ᠎ᠠ ᠶᠢᠨ ᠬᠤᠶᠠᠷ ᠵᠢᠯ ᠳᠤ᠂ ᠪᠢᠳᠡ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠬᠤ᠂ ︽ᠰᠤᠷᠭᠠᠭᠤᠯᠢ ᠳᠤ ᠬᠦᠷᠭᠡᠬᠦ︾ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠲᠤ ᠬᠠᠤᠯᠢ ᠴᠠᠭᠠᠵᠠ ᠶᠢ ᠣᠶᠢᠯᠠᠭᠠᠵᠤ᠂ ᠬᠠᠤᠯᠢ ᠴᠠᠭᠠᠵᠠ ᠶᠢ ᠳᠡᠭᠡᠳᠦᠯᠡᠭᠰᠡᠨ ᠰᠠᠭᠤᠷᠢᠨ ᠳᠡᠭᠡᠷ᠎ᠡ᠂ ᠬᠠᠤᠯᠢ ᠪᠠᠷ ᠥᠪᠡᠷ ᠢ ᠪᠠᠨ ᠬᠠᠮᠠᠭᠠᠯᠠᠬᠤ ᠶᠢ ᠰᠤᠷᠭᠠᠪᠠ᠃ ᠬᠤᠶᠢᠰᠢᠳᠠ᠂ ᠪᠢᠳᠡ ᠦᠷᠭᠦᠯᠵᠢᠯᠡᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠵᠢᠯᠴᠠᠨ᠂ ᠨᠠᠰᠤᠨ ᠳᠤ ᠥᠯᠥ ᠭᠦᠷᠦᠭᠰᠡᠳ ᠤᠨ ᠬᠠᠮᠠᠭᠠᠯᠠᠯᠲᠠ ᠶᠢᠨ ᠰᠢᠰᠲ᠋ᠧᠮ ᠢ ᠪᠥᠬᠦ ᠲᠠᠯ᠎ᠠ  ᠪᠠᠷ ᠪᠠᠶᠢᠭᠤᠯᠵᠤ᠂ ᠮᠠᠨ ᠤ ᠬᠤᠰᠢᠭᠤᠨ ᠤ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠨ᠎ᠠ︾ ᠭᠡᠯ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号