ᠵᠢᠷ ᠤᠨ ᠭᠤᠣᠯ ᠪᠠᠯᠭᠠᠰᠤ ᠠᠶᠤᠯᠭᠦᠢ ᠦᠢᠯᠡᠳᠪᠦᠷᠢᠯᠡᠯ ᠪᠣᠯᠣᠨ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠢᠨᠠᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/11
    ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠪᠣᠯᠣᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠨᠠᠭᠰᠢᠳᠠ ᠰᠠᠶᠢᠲᠤᠷ ᠠᠳᠬᠤᠬᠤ ᠶᠢᠨ ᠲᠥᠯᠥᠭᠡ᠂ 4 ᠰᠠᠷ᠎ᠠ ᠶᠢᠨ 10 ᠤ ᠡᠳᠦᠷ᠂ ᠵᠢᠷ ᠤᠨ ᠭᠤᠣᠯ ᠪᠠᠯᠭᠠᠰᠤ ᠬᠠᠷᠢᠶ᠎ᠠ ᠣᠷᠣᠨ ᠳᠠᠭᠠᠨ ᠭᠦᠨᠵᠡᠭᠡᠶᠢᠷᠡᠨ ᠰᠠᠭᠤᠭ᠎ᠠ ᠭᠠᠵᠠᠷ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠭᠠᠯ ᠤᠨᠲᠠᠷᠠᠭᠠᠬᠤ ᠵᠡᠷᠭᠡ ᠠᠵᠢᠯ ᠳᠤ ᠪᠠᠶᠢᠴᠠᠭᠠᠯᠲᠠ ᠬᠢᠵᠡᠢ᠃    ᠪᠠᠶᠢᠴᠠᠭᠠᠬᠤ ᠳᠤᠭᠤᠶᠢᠯᠠᠩ ᠨᠢ ᠭᠤᠣᠯᠳᠠᠭᠤ ᠶᠢᠨ ᠮᠠᠨ ᠠᠭᠤᠷᠬᠠᠢ ᠶᠢᠨ ᠦᠢᠯᠡᠰ ᠵᠢᠴᠢ ᠤᠯᠠᠭᠠᠢ ᠶᠢᠨ 550kv ᠴᠠᠬᠢᠯᠭᠠᠨ ᠬᠦᠷᠭᠡᠬᠦ ᠢᠨᠵᠧᠨᠧᠷᠢᠩ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ᠂ ᠬᠠᠮᠢᠶ᠎ᠠ ᠪᠦᠬᠦᠢ ᠲᠠᠩᠰᠠ ᠡᠪᠬᠡᠮᠡᠯ ᠤᠨ ᠠᠭᠤᠯᠭ᠎ᠠ ᠵᠢᠴᠢ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠳᠤ ᠨᠠᠷᠢᠨ ᠨᠢᠮᠪᠠᠢ ᠪᠠᠶᠢᠴᠠᠭᠠᠯᠲᠠ ᠬᠢᠵᠦ᠂ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠢᠴᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ᠃    ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠳᠤᠳᠬᠠᠨ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢ ᠠᠯᠢᠪᠠ ᠠᠴᠠ ᠳᠡᠭᠡᠭᠦᠷ ᠪᠠᠶᠢᠯᠭᠠᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠢᠮᠠᠭᠲᠠ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠠᠪᠤᠷ ᠤᠨ ᠤᠯᠠᠷᠢᠯ ᠳᠤ ᠶᠡᠭᠡ ᠰᠠᠯᠬᠢ ᠰᠠᠯᠬᠢᠯᠠᠵᠤ᠂ ᠭᠠᠯ ᠢ ᠰᠡᠷᠭᠡᠶᠢᠯᠡᠬᠦ ᠪᠠᠶᠢᠳᠠᠯ ᠬᠦᠨᠳᠦ ᠬᠡᠴᠡᠭᠦᠦ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠠᠮᠤᠷ ᠲᠦᠪᠰᠢᠨ ᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢ ᠦᠨᠡᠨᠬᠦ ᠰᠠᠶᠢᠲᠤᠷ ᠬᠢᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠬᠤᠷᠢᠭᠯᠠᠬᠤ ᠶᠢᠨ ᠬᠠᠮᠲᠤ᠂ ᠠᠵᠤ ᠠᠬᠤᠶᠢᠯᠠᠯ ᠤᠨ ᠪᠠᠷᠢᠯᠭ᠎ᠠ ᠶᠢᠨ ᠨᠢᠭᠡᠴᠡ ᠨᠢ ᠬᠡᠭᠡᠷ᠎ᠡ ᠭᠠᠳᠠᠨ᠎ᠠ ᠭᠠᠯ ᠨᠣᠴᠣᠭᠠᠵᠤ ᠠᠵᠢᠯᠯᠠᠬᠤ ᠳᠠᠭᠠᠨ ᠴᠠᠭ ᠢᠮᠠᠭᠲᠠ ᠬᠡᠷᠰᠡᠦ ᠪᠣᠯᠭᠤᠮᠵᠢᠲᠠᠢ ᠪᠠᠶᠢᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠴᠢᠩᠭ᠎ᠠ ᠰᠡᠷᠭᠡᠶᠢᠯᠡᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号