ᠪᠠᠶᠠᠨᠬᠤᠩᠭᠤᠷ ᠭᠠᠴᠠᠭ᠎ᠠ ᠤᠤᠠᠬ᠎ᠠ ᠠᠭᠤᠯᠭ᠎ᠠ ᠲᠠᠢ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/4/11
     ︽ᠨᠠᠮ ᠤᠨ ᠠᠴᠢ ᠶᠢ ᠮᠡᠳᠡᠷᠡᠵᠦ᠂ ᠨᠠᠮ ᠤᠨ ᠢᠶᠠᠨ ᠦᠭᠡ ᠶᠢ ᠰᠣᠨᠣᠰᠤᠨ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭᠠᠨ ᠢ ᠭᠦᠨᠵᠡᠭᠡᠢ ᠥᠷᠨᠢᠭᠦᠯᠵᠦ᠂ ᠰᠢᠨ᠎ᠡ ᠴᠠᠭ ᠦᠶ᠎ᠡ ᠶᠢᠨ ᠯᠧᠢ ᠹᠧᠩ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠪᠠᠳᠠᠷᠠᠭᠤᠯᠬᠤ ᠶᠢᠨ ᠲᠤᠰᠠᠳᠠ᠂ ᠣᠶᠢᠷ᠎ᠠ ᠳᠤ᠂ ᠵᠢᠷ ᠤᠨ ᠭᠤᠤᠯ ᠪᠠᠯᠭᠠᠰᠤ ᠶᠢᠨ ᠪᠠᠶᠠᠨᠬᠤᠩᠭᠤᠷ ᠭᠠᠴᠠᠭ᠎ᠠ ᠶᠢᠨ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠪᠠᠷᠠᠭᠤᠨ ᠦᠵᠦᠮᠦᠴᠢᠨ ᠬᠤᠰᠢᠭᠤᠨ ᠤ ᠡᠩᠬᠡ ᠮᠡᠨᠳᠦ ᠰᠤᠪᠢᠯᠠᠯᠲᠠ ᠶᠢᠨ ᠬᠦᠷᠢᠶᠡᠯᠡᠩ ᠳᠤ ᠭᠦᠨᠵᠡᠭᠡᠶᠢᠷᠡᠵᠦ ︽ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠷᠠᠳ ᠲᠦᠮᠡᠨ ᠳᠤ ᠦᠢᠯᠡᠴᠢᠯᠡᠬᠦ ᠶᠢ ᠦᠢᠯᠡᠳᠦᠯᠭᠡᠵᠢᠭᠦᠯᠬᠦ︾ ᠭᠤᠣᠯ ᠰᠡᠳᠦᠪᠲᠦ ᠠᠵᠢᠯᠯᠠᠭᠠᠨ ᠥᠷᠨᠢᠭᠦᠯᠵᠠᠢ᠃     ᠠᠵᠢᠯᠯᠠᠭᠠᠨ ᠳᠤ ᠶᠠᠭᠤᠨ ᠤ ᠤᠷᠢᠳ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠠᠴᠠ ᠨᠠᠰᠤᠲᠠᠶᠢᠴᠤᠳ ᠲᠤ ᠦᠨᠢᠶᠡᠨ ᠰᠦ᠂ ᠪᠤᠳᠠᠭ᠎ᠠ᠂ ᠭᠤᠯᠢᠷ᠂ ᠲᠣᠰᠣ ᠮᠡᠳᠦ ᠶᠢᠨ ᠲᠣᠬᠤᠨᠢᠭᠤᠯᠬᠤ ᠪᠣᠳᠠᠰ   ᠬᠦᠷᠭᠡᠵᠦ᠂ ᠨᠠᠰᠤᠲᠠᠶᠢᠴᠤᠳ ᠲᠠᠢ ᠵᠣᠭᠤᠭ ᠲᠡᠯᠬᠡᠨ᠂ ᠠᠵᠦ ᠠᠮᠢᠳᠤᠷᠡᠯ ᠢ ᠨᠢ ᠠᠰᠠᠭᠤᠨ ᠣᠶᠢᠯᠭᠠᠭᠰᠠᠨ ᠪᠠᠶᠢᠨ᠎ᠠ᠃      ᠳᠠᠷᠠᠭ᠎ᠠ ᠨᠢ᠂ ᠨᠠᠰᠤᠲᠠᠶᠢᠴᠤᠳ ᠲᠤ ᠨᠠᠶᠢᠷᠠᠯ ᠳᠠᠭᠤᠤ᠂ ᠤᠷᠠᠨ ᠤᠩᠰᠢᠯᠭ᠎ᠠ ᠬᠢᠬᠡᠳ ᠬᠥᠭᠵᠢᠮ ᠵᠡᠷᠭᠡ ᠪᠠᠶᠠᠯᠢᠭ ᠰᠠᠶᠢᠬᠠᠨ ᠲᠣᠭᠯᠠᠯᠲᠠ ᠡᠷᠬᠦᠨ ᠲᠡᠪᠰᠢᠬᠦᠯᠵᠦ᠂ ᠲᠤᠭᠯᠠᠭᠴᠢᠳ ᠨᠢ ᠰᠢᠮᠳᠡᠨ ᠲᠤᠭᠯᠠᠵᠦ᠂ ᠨᠠᠰᠤᠲᠠᠶᠢᠴᠤᠳ  ᠨᠢ  ᠭᠠᠶᠢᠬᠠᠨ ᠰᠣᠨᠢᠷᠬᠠᠵᠦ᠂ ᠢᠨᠢᠶᠡᠳᠦ ᠱᠤᠭ ᠢᠶᠠᠷ ᠲᠦᠬᠦᠷᠡᠨ᠂ ᠪᠠᠶᠠᠷ ᠬᠥᠷ ᠢᠶᠠᠷ ᠪᠢᠯᠬᠠᠵᠦ᠂ ᠰᠤᠪᠢᠯᠠᠯᠲᠠ ᠶᠢᠨ ᠬᠦᠷᠢᠶᠡᠯᠡᠩ ᠢ ᠬᠠᠯᠠᠭᠤᠨ ᠳᠤᠯᠠᠭᠠᠨ ᠠᠭᠤᠷ ᠠᠮᠢᠰᠬᠤᠯ ᠢᠶᠠᠷ ᠲᠦᠬᠦᠷᠬᠡᠭᠰᠡᠨ ᠪᠠᠶᠢᠨ᠎ᠠ᠃     ᠡᠨᠡ ᠤᠳᠠᠭᠠᠨ ᠤ ᠠᠵᠢᠯᠯᠠᠭᠠᠨ ᠨᠢ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠤ ᠬᠠᠯᠠᠭᠤᠨ ᠳᠣᠲᠣᠨᠣ ᠮᠡᠨᠳᠦᠴᠢᠯᠡᠯ ᠬᠦᠷᠭᠡᠵᠦ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠢ ᠤᠯᠠᠮᠵᠢᠯᠠᠨ ᠪᠠᠳᠠᠷᠠᠭᠤᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠠᠶᠠᠨᠬᠤᠩᠭᠤᠷ ᠭᠠᠴᠠᠭ᠎ᠠ ᠨᠢ ᠲᠣᠰ ᠤᠳᠠᠭᠠᠨ ᠤ ᠠᠵᠢᠯᠯᠠᠭᠠᠨ ᠢᠶᠠᠷ ᠠᠵᠠ ᠲᠣᠬᠢᠶᠠᠯ ᠪᠣᠯᠭᠠᠵᠤ᠂ ᠯᠧᠢ ᠹᠧᠩ ᠠᠴᠠ ᠰᠤᠷᠤᠯᠴᠠᠬᠤ ᠠᠵᠢᠯᠯᠠᠭᠠᠨ ᠢ ᠭᠠᠴᠠᠭᠠᠨ ᠤ ᠡᠯ᠎ᠡ ᠲᠦᠷᠦᠯ ᠤᠨ ᠠᠵᠢᠯ ᠳᠤ ᠪᠠᠨ ᠠᠭᠤᠰᠬᠠᠨ᠂ ᠭᠠᠴᠠᠭᠠᠨ ᠤ ᠨᠠᠮ ᠤᠨ ᠭᠡᠰᠢᠭᠦᠨ᠂ ᠮᠠᠯᠴᠢᠨ᠂ ᠰᠠᠶᠢᠨ ᠲᠤᠷᠡᠴᠤᠳ ᠢ ᠳᠠᠶᠢᠴᠢᠯᠠᠵᠦ ᠣᠯᠠᠨ ᠲᠦᠮᠡᠨ ᠳᠤ ᠪᠣᠳᠠᠲᠠᠢ ᠶᠠᠪᠤᠳᠠᠯ ᠰᠠᠶᠢᠨ ᠶᠠᠪᠤᠳᠠᠯ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠤᠯᠠᠮᠵᠢᠯᠠᠨ ᠪᠠᠳᠠᠷᠠᠭᠤᠯᠬᠤ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号