2023 ᠣᠨ ᠳᠤ ᠪᠠᠷᠠᠭᠤᠨ ᠦᠵᠦᠮᠦᠴᠢᠨ ᠬᠤᠰᠢᠭᠤᠨ ᠤ ᠪᠠᠶᠢᠩᠭᠤ ᠰᠠᠭᠤᠭ᠎ᠠ ᠬᠥᠮᠥᠨ ᠠᠮᠠ 10.17 ᠲᠦᠮᠡ ᠪᠣᠯᠪᠠ
ᠨᠡᠶᠢᠲᠡᠯᠡᠭᠰᠡᠨ ᠴᠠᠭ᠄
2024/4/11
     2023 ᠣᠨ ᠤ ᠬᠥᠮᠥᠨ ᠠᠮᠠ ᠶᠢᠨ ᠬᠤᠪᠢᠷᠠᠯᠲᠠ ᠶᠢᠨ ᠪᠠᠶᠢᠳᠠᠯ ᠤᠨ ᠪᠠᠶᠢᠴᠠᠭᠠᠭᠰᠠᠨ ᠲᠤᠭ᠎ᠠ ᠪᠠᠷᠢᠮᠲᠠ ᠶᠢ ᠦᠨᠳᠦᠰᠦᠯᠡᠨ ᠪᠤᠳᠤᠭᠰᠠᠨ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ 2023 ᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠭᠤᠣᠯ ᠪᠣᠯᠬᠤ ᠲᠤᠭ᠎ᠠ ᠪᠠᠷᠢᠮᠲᠠ ᠶᠢ ᠳᠣᠣᠷᠠᠬᠢ ᠮᠡᠲᠦ ᠨᠡᠶᠢᠲᠡᠯᠡᠪᠡ᠄      ᠨᠢᠭᠡ  ᠂ ᠪᠠᠶᠢᠩᠭᠤ ᠰᠠᠭᠤᠭ᠎ᠠ ᠬᠥᠮᠥᠨ ᠠᠮᠠ ᠶᠢᠨ ᠶᠡᠷᠦᠩᠬᠡᠢ ᠲᠤᠭ᠎ᠠ 2023 ᠣᠨ ᠤ ᠡᠴᠦᠰ ᠲᠤ᠂ ᠪᠥᠬᠦ ᠬᠤᠰᠢᠭᠤᠨ ᠤ ᠪᠠᠶᠢᠩᠭᠤ ᠰᠠᠭᠤᠭ᠎ᠠ ᠬᠥᠮᠥᠨ ᠠᠮᠠ 10.17 ᠲᠦᠮᠡ ᠳᠤ ᠬᠦᠷᠴᠦ᠂ 2022 ᠣᠨ ᠤ ᠡᠴᠦᠰ ᠤᠨ ᠬᠢ ᠠᠴᠠ 0.02 ᠲᠦᠮᠡ ᠪᠠᠭᠠᠰᠴᠤ᠂ 0.20%  ᠢᠶᠠᠷ ᠪᠠᠭᠤᠷᠠᠵᠠᠢ᠃      ᠬᠤᠶᠠᠷ  ᠂ ᠬᠤᠳᠠ ᠬᠥᠳᠡᠭᠡ ᠶᠢᠨ ᠪᠦᠷᠢᠯᠳᠦᠯ      2023 ᠣᠨ ᠤ ᠰᠡᠭᠦᠯᠴᠢ ᠶᠢᠨ ᠪᠥᠬᠦ ᠬᠤᠰᠢᠭᠤᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠬᠥᠮᠥᠨ ᠠᠮᠠ 6.57 ᠲᠦᠮᠡ ᠪᠠᠶᠢᠵᠤ᠂ 2022 ᠣᠨ ᠤ ᠰᠡᠭᠦᠯᠴᠢ ᠶᠢᠨ  ᠬᠢ ᠠᠴᠠ 0.03 ᠲᠦᠮᠡ ᠨᠡᠮᠡᠭᠳᠡᠵᠡᠢ᠃ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠬᠥᠮᠥᠨ ᠠᠮᠠ 3.6 ᠲᠦᠮᠡ ᠪᠠᠶᠢᠵᠤ᠂ 2022 ᠣᠨ ᠤ ᠡᠴᠦᠰ ᠤᠨ ᠬᠢ ᠠᠴᠠ 0.05 ᠲᠦᠮᠡ ᠪᠠᠭᠠᠰᠪᠠ᠃ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 64.60% ᠳᠤ ᠬᠦᠷᠴᠦ᠂ 2022 ᠣᠨ ᠤ ᠬᠢ ᠠᠴᠠ 0.42 ᠵᠠᠭᠤᠨ ᠤ ᠨᠢᠭᠡᠴᠢ ᠳᠡᠭᠡᠭᠰᠢᠯᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ‍ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号