ᠪᠤᠷᠳᠤᠨ ᠲᠡᠵᠢᠭᠡᠬᠦ ᠬᠠᠮᠳᠤᠷᠠᠯᠴᠠᠭᠠᠨ ᠤ ᠵᠠᠭᠪᠤᠷ ᠢᠶᠠᠷ ᠪᠡᠯᠴᠢᠭᠡᠷ ᠢᠶᠠᠨ ᠬᠠᠮᠠᠭᠠᠯᠠᠨ ᠤᠷᠤᠯᠭ᠎ᠠ ᠪᠠᠨ ᠨᠡᠮᠡᠭᠳᠡᠬᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2024/4/11
     ᠪᠠᠷᠠᠭᠤᠨ ᠦᠵᠦᠮᠦᠴᠢᠨ ᠬᠤᠰᠢᠭᠤᠨ ᠤ ᠦᠬᠡᠷ ᠲᠡᠵᠢᠭᠡᠵᠦ ᠪᠠᠶᠢᠭ᠎ᠠ ᠮᠠᠯᠴᠢᠳ ᠨᠢ ᠪᠡᠯᠴᠢᠭᠡᠷ ᠨᠤᠳᠤᠭ ᠢᠶᠠᠨ ᠬᠠᠮᠠᠭᠠᠯᠠᠨ ᠣᠷᠣᠯᠭ᠎ᠠ ᠪᠠᠨ ᠨᠡᠮᠡᠭᠳᠡᠭᠦᠯᠬᠦ ᠬᠤᠣᠰ ᠠᠰᠢᠭ ᠡᠭᠦᠳᠬᠦ ᠠᠵᠢᠯ ᠢ ᠢᠳᠡᠪᠬᠢᠳᠡᠢ ᠬᠠᠶᠢᠨ ᠰᠦᠪᠡᠭᠴᠢᠯᠡᠵᠦ᠂ ᠨᠠᠮ ᠤᠨ ᠡᠭᠦᠷ᠂ ᠬᠤᠷᠰᠢᠶᠠᠵᠢᠯ ᠪᠣᠯᠣᠨ ᠮᠠᠯᠴᠢᠳ ᠬᠠᠮᠳᠤᠷᠠᠨ ᠦᠬᠡᠷ ᠪᠤᠷᠳᠤᠬᠤ ᠬᠠᠮᠲᠤᠷᠠᠯᠴᠠᠭᠠᠨ ᠤ ᠵᠠᠭᠪᠤᠷ ᠢ ᠪᠠᠶᠢᠭᠤᠯᠤᠨ ᠲᠡᠵᠢᠭᠡᠨ ᠦᠰᠬᠡᠬᠦ ᠦᠢᠯᠡᠰ ᠤᠨ ᠰᠢᠨ᠎ᠡ ᠭᠠᠷᠤᠭ᠎ᠠ ᠪᠠᠨ ᠡᠬᠢᠯᠡᠬᠦᠯᠵᠦ ᠪᠠᠶᠢᠨ᠎ᠠ᠃     ᠦᠨᠦᠳᠦᠷ ᠵᠢᠷ ᠤᠨ ᠭᠤᠤᠯ ᠪᠠᠯᠭᠠᠰᠤᠨ ᠤ ᠵᠢᠷ ᠤᠨ ᠭᠤᠤᠯ ᠭᠠᠴᠠᠭᠠᠨ ᠤ ᠬᠤᠪᠢᠴᠠᠭᠠᠳᠤ ᠠᠵᠤ ᠠᠬᠤᠢ ᠶᠢᠨ ᠬᠤᠷᠰᠢᠶᠠᠵᠢᠯ ᠤᠨ ᠰᠠᠭᠤᠷᠢᠨ ᠭᠠᠵᠠᠷ ᠲᠤ᠂ ᠮᠠᠯᠴᠢᠳ ᠰᠢᠮᠧᠨ᠋ᠲᠷ ᠡᠭᠦᠯᠳᠡᠷ ᠤᠨ ᠲᠤᠭᠤᠯ ᠢᠶᠠᠨ ᠬᠦᠷᠭᠡᠨ ᠢᠷᠡᠵᠦ᠂ ᠠᠵᠢᠯᠲᠠᠳ ᠲᠠᠢ ᠬᠤᠯᠪᠣᠭᠳᠠᠯ ᠪᠦᠬᠦᠢ ᠭᠠᠷ ᠭᠦᠢᠴᠡᠳᠬᠡᠯ ᠢᠶᠠᠨ ᠬᠢᠵᠦ ᠶᠠᠭᠠᠷᠠᠯᠳᠤᠨ᠎ᠠ᠃ ᠵᠢᠷ ᠤᠨ ᠭᠤᠤᠯ ᠭᠠᠴᠠᠭᠠᠨ ᠤ ᠦᠬᠡᠷ ᠲᠡᠵᠢᠭᠡᠬᠦ ᠲᠠᠯᠠᠪᠠᠢ ᠳᠤ ︽ᠭᠠᠴᠠᠭᠠᠨ ᠤ ᠨᠠᠮ ᠤᠨ ᠡᠭᠦᠷ + ᠬᠤᠷᠰᠢᠶᠠᠵᠢᠯ + ᠮᠠᠯᠴᠢᠨ︾ ᠤ ᠰᠢᠨ᠎ᠡ ᠮᠠᠶ᠋ᠢᠭ ᠤᠨ ᠬᠠᠮᠲᠤᠷᠠᠯᠴᠠᠭᠠᠨ ᠤ ᠵᠠᠭᠪᠤᠷ ᠢᠶᠠᠷ ᠪᠠᠶᠢᠭᠤᠯᠤᠭᠳᠠᠭᠰᠠᠨ ᠡᠨᠡᠬᠦ ᠰᠢᠮᠧᠨ᠋ᠲᠷ ᠡᠭᠦᠯᠳᠡᠷ ᠤᠨ ᠲᠤᠭᠤᠯ ᠢ ᠲᠦᠪᠯᠡᠷᠡᠭᠦᠯᠦᠨ ᠪᠤᠷᠳᠤᠨ ᠲᠡᠵᠢᠭᠡᠬᠦ ᠲᠠᠯᠠᠪᠠᠢ ᠠᠵᠢᠯ ᠢᠶᠠᠨ ᠡᠬᠢᠯᠡᠭᠦᠯᠦᠭᠰᠡᠨ ᠪᠠᠶᠢᠯ᠎ᠠ᠃ ᠲᠤᠰ ᠬᠠᠮᠳᠤᠷᠠᠯᠴᠠᠭᠠᠨ ᠤ ᠵᠠᠭᠪᠤᠷ ᠨᠢ ᠭᠠᠴᠠᠭᠠᠨ ᠤ ᠨᠠᠮ ᠤᠨ ᠡᠭᠦᠷ ᠠᠴᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠤᠶᠤ ᠵᠢᠯᠣᠭᠤᠳᠤᠯᠭ᠎ᠠ ᠬᠢᠵᠦ᠂ ᠬᠤᠷᠰᠢᠶᠠᠵᠢᠯ ᠠᠴᠠ ᠲᠡᠵᠢᠭᠡᠨ ᠠᠷᠠᠴᠢᠯᠠᠬᠤ ᠪᠠ ᠮᠡᠷᠭᠡᠵᠢᠯ ᠤᠨ ᠵᠢᠯᠤᠭᠤᠳᠤᠯᠭ᠎ᠠ ᠬᠢᠵᠦ᠂  ᠰᠢᠮᠧᠨ᠋ᠲᠷ ᠦᠬᠡᠷ ᠮᠠᠯᠵᠢᠵᠤ ᠪᠠᠶᠢᠭ᠎ᠠ ᠡᠷᠦᠬᠡ ᠨᠢ ᠲᠤᠭᠤᠯ ᠢᠶᠠᠨ ᠬᠦᠷᠭᠡᠨ ᠦᠭᠴᠦ ᠪᠤᠷᠳᠤᠨ ᠲᠡᠵᠢᠭᠡᠵᠦ᠂ ᠭᠤᠷᠪᠠᠨ ᠲᠠᠯ᠎ᠠ ᠪᠠᠷ ᠢᠶᠠᠨ ᠬᠠᠮᠲᠤᠷᠠᠨ ᠠᠵᠢᠯᠯᠠᠵᠤ᠂ ᠠᠶᠤᠯ ᠲᠦᠭᠰᠢᠭᠦᠷᠢ ᠶᠢ ᠬᠠᠮᠲᠤᠪᠠᠷ ᠡᠭᠦᠷᠭᠡᠯᠡᠬᠦ ᠪᠠ ᠠᠰᠢᠭ ᠤᠷᠤᠯᠭ᠎ᠠ ᠪᠠᠨ ᠬᠠᠮᠲᠤᠪᠠᠷ ᠬᠤᠪᠢᠶᠠᠷᠢᠯᠠᠬᠤ ᠪᠤᠯᠤᠨ᠎ᠠ᠃     ᠣᠳᠣᠬᠠᠨ ᠳᠤ᠂ ᠲᠤᠰ ᠰᠠᠭᠤᠷᠢᠨ ᠭᠠᠵᠠᠷ ᠨᠢ ᠡᠯ᠎ᠡ ᠰᠤᠮᠤ ᠪᠠᠯᠭᠠᠰᠤᠨ ᠤ 20 ᠭᠠᠷᠤᠢ ᠦᠬᠡᠷ ᠲᠡᠵᠢᠭᠡᠵᠦ ᠪᠠᠶᠢᠭ᠎ᠠ ᠡᠷᠦᠬᠡ ᠶᠢᠨ 154 ᠰᠢᠮᠧᠨ᠋ᠲᠷ ᠡᠭᠦᠯᠳᠡᠷ ᠤᠨ ᠲᠤᠭᠤᠯ ᠢ ᠲᠥᠪᠯᠡᠷᠡᠭᠦᠯᠦᠨ ᠪᠣᠷᠳᠣᠵᠤ᠂ 2 ᠰᠠᠷ᠎ᠠ ᠶᠢᠨ ᠳᠠᠷᠠᠭ᠎ᠠ ᠪᠣᠷᠣᠯᠠᠭᠤᠯᠬᠤ ᠪᠠᠷ ᠪᠠᠶᠢᠬᠤ ᠪᠦᠭᠡᠳ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠠᠰᠢᠭ ᠤᠷᠤᠯᠭ᠎ᠠ ᠪᠠᠨ ᠬᠤᠪᠢᠶᠠᠷᠢᠯᠠᠬᠤ ᠪᠠᠷ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号