︽ᠠᠵᠢᠯ ᠶᠠᠪᠤᠳᠠᠯ ᠢ ᠥᠨᠳᠥᠷ ᠪᠦᠲᠦᠮᠵᠢᠲᠡᠢ ᠭᠦᠢᠴᠡᠳᠬᠡᠬᠦ︾ ᠦᠢᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠪᠣᠢ
ᠨᠡᠶᠢᠲᠡᠯᠡᠭᠰᠡᠨ ᠴᠠᠭ᠄
2024/4/11
     ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠪᠣᠯ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ︽ᠠᠮᠢᠨ ᠰᠤᠳᠠᠰᠤ︾ ᠪᠣᠯᠣᠨ᠎ᠠ᠃ ᠣᠶᠢᠷ᠎ᠠ ᠶᠢᠨ ᠵᠢᠯ ᠳᠤ᠂ ᠠᠵᠤ ᠠᠬᠤᠶᠢᠯᠠᠯ ᠪᠠ ᠣᠯᠠᠨ ᠲᠦᠮᠡᠨ ᠤ ︽ᠠᠵᠢᠯ ᠶᠠᠪᠤᠳᠠᠯ ᠭᠦᠢᠴᠡᠳᠬᠡᠬᠦ ᠳᠤ ᠬᠦᠴᠢᠷ᠂ ᠤᠳᠠᠭᠠᠨ᠂  ᠲᠦᠪᠡᠭᠲᠡᠢ︾ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠤᠰᠠᠳᠠ᠂ ᠪᠠᠷᠠᠭᠤᠨ ᠦᠵᠦᠮᠦᠴᠢᠨ ᠬᠤᠰᠢᠭᠤ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠲᠣᠭᠠᠴᠢᠯᠠᠯᠲᠠ ᠶᠢᠨ ᠠᠰᠢᠭᠯᠠᠯᠲᠠ ᠶᠢ ᠴᠢᠩᠭᠠᠳᠬᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡᠳᠦᠯᠲᠡᠢ ᠲᠥᠯᠥᠪᠯᠡᠵᠦ᠂ ︽ᠠᠵᠢᠯ ᠶᠠᠪᠤᠳᠠᠯ ᠢ ᠥᠨᠳᠥᠷ ᠪᠦᠲᠦᠮᠵᠢᠲᠡᠢ ᠭᠦᠢᠴᠡᠳᠬᠡᠬᠦ︾ ᠶᠢ ᠨᠠᠩ ᠣᠯᠠᠨ ᠬᠦᠷᠢᠶ᠎ᠡ ᠬᠡᠪᠴᠢᠶᠡᠨ ᠳᠤ ᠪᠡᠶᠡᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠬᠡᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ  ᠠᠬᠢᠭᠤᠯᠪᠠ᠃    ︽ᠣᠯᠠᠨ ᠲᠦᠮᠡᠨ ᠠᠵᠢᠯ ᠶᠠᠪᠤᠳᠠᠯ ᠭᠦᠢᠴᠡᠳᠬᠡᠬᠦ  ᠳᠤ᠂ ᠵᠠᠰᠠᠭ ᠤᠨ ᠶᠠᠪᠤᠳᠠᠯ ᠤᠨ ᠵᠠᠮᠴᠢᠯᠠᠬᠤ ᠫᠠᠶᠢᠰᠠ ᠦᠢᠯᠡᠴᠢᠯᠡᠵᠦ︾᠂ ᠲᠣᠭᠠᠴᠢᠯᠠᠯᠲᠠ ᠶᠢᠨ ᠠᠰᠢᠭᠯᠠᠯᠲᠠ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠦᠨᠡᠨᠬᠦ ᠳᠡᠭᠡᠭᠰᠢᠯᠡᠭᠦᠯᠪᠡ    ᠲᠣᠭᠠᠴᠢᠯᠠᠯᠲᠠ ᠶᠢ ᠠᠰᠢᠭᠯᠠᠬᠤ ᠪᠣᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠪᠠᠷᠢᠯ ᠮᠥᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠲᠣᠬᠢᠷᠠᠬᠤ ᠬᠡᠷᠡᠭᠯᠡᠯᠲᠡ ᠶᠢ ᠪᠣᠶ ᠪᠣᠯᠭᠠᠪᠠᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠨᠠᠩ ᠰᠠᠶᠢᠨ ᠳᠡᠭᠡᠭᠰᠢᠯᠡᠭᠦᠯᠵᠦ ᠴᠢᠳᠠᠨ᠎ᠠ᠃ ᠣᠶᠢᠷ᠎ᠠ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ︽ᠲᠣᠭᠠᠴᠢᠯᠠᠭᠰᠠᠨ ᠵᠠᠰᠠᠭ ᠤᠨ ᠶᠠᠪᠤᠳᠠᠯ ᠤᠨ  ᠵᠠᠮᠴᠢᠯᠠᠬᠤ ᠫᠠᠶᠢᠰᠠ︾ ᠶᠢ ᠰᠦᠯᠵᠢᠶᠡᠨ ᠳᠤ ᠣᠷᠣᠭᠤᠯᠬᠤ ᠡᠬᠢᠯᠡᠯᠲᠡ ᠶᠢᠨ ᠶᠣᠰᠣᠯᠠᠯ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠳᠤ ᠶᠠᠪᠤᠭᠳᠠᠪᠠ᠃ ᠪᠠᠷᠠᠭᠤᠨ ᠦᠵᠦᠮᠦᠴᠢᠨ ᠬᠤᠰᠢᠭᠤᠨ ᠤ ︽ᠲᠣᠭᠠᠴᠢᠯᠠᠭᠰᠠᠨ ᠵᠠᠰᠠᠭ ᠤᠨ ᠶᠠᠪᠤᠳᠠᠯ ᠤᠨ  ᠵᠠᠮᠴᠢᠯᠠᠬᠤ ᠫᠠᠶᠢᠰᠠ︾ ᠪᠣᠯ ᠪᠦᠬᠦ ᠠᠶᠢᠮᠠᠭ ᠲᠠᠬᠢ ᠠᠩᠬᠠᠳᠠᠭᠴᠢ ︽ᠲᠣᠭᠠᠴᠢᠯᠠᠭᠰᠠᠨ ᠵᠠᠰᠠᠭ ᠤᠨ ᠶᠠᠪᠤᠳᠠᠯ ᠤᠨ ᠵᠠᠮᠴᠢᠯᠠᠬᠤ  ᠫᠠᠶᠢᠰᠠ︾   ᠪᠠᠶᠢᠵᠤ᠂ ᠠᠵᠤ ᠠᠬᠤᠶᠢᠯᠠᠯ ᠤᠨ ᠣᠯᠠᠨ ᠲᠦᠮᠡᠨ ᠳᠤ ᠦᠢᠯᠡᠴᠢᠯᠡᠬᠦ ︽ᠬᠠᠮᠤᠭ ᠰᠡᠭᠦᠯᠴᠢ ᠶᠢᠨ ᠨᠢᠭᠡ ᠺᠢᠯᠣᠮᠧᠲᠷ︾  ᠤᠨ ᠲᠣᠭᠠᠴᠢᠯᠠᠭᠰᠠᠨ ᠠᠴᠢᠶᠠᠯᠠᠪᠤᠷᠢ ᠪᠣᠯᠵᠤ᠂ ᠠᠵᠤ ᠠᠬᠤᠶᠢᠯᠠᠯ᠂ ᠣᠯᠠᠨ ᠲᠦᠮᠡᠨ ᠤ ︽ᠭᠦᠢᠴᠡᠳᠬᠡᠵᠦ ᠴᠢᠳᠠᠬᠤ ᠦᠭᠡᠢ᠂ ᠡᠷᠢᠵᠦ ᠣᠯᠬᠤ ᠦᠭᠡᠢ᠂ ᠠᠰᠠᠭᠤᠵᠤ ᠲᠣᠳᠣᠯᠠᠬᠤ ᠦᠭᠡᠢ︾ ᠬᠦᠴᠢᠷᠳᠡᠯ ᠢ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠰᠦᠯᠵᠢᠶᠡᠨ ᠳᠡᠭᠡᠷ᠎ᠡ ᠭᠦᠢᠴᠡᠳᠬᠡᠬᠦ ᠳᠤ ᠠᠮᠠᠷ᠂ ᠰᠦᠯᠵᠢᠶᠡᠨ ᠭᠠᠳᠠᠨ᠎ᠠ ᠡᠷᠢᠬᠦ ᠳᠤ ᠠᠮᠠᠷ᠂ ᠪᠥᠬᠦ ᠠᠷᠭ᠎ᠠ ᠵᠠᠮ ᠢᠶᠠᠷ ᠰᠢᠯᠢᠳᠡᠭᠵᠢᠭᠦᠯᠬᠦ ᠶᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠭᠡᠷ ᠲᠤᠨᠢ ᠬᠦᠷᠭᠡᠵᠡᠢ᠃     ︽︿ᠲᠣᠭᠠᠴᠢᠯᠠᠭᠰᠠᠨ ᠵᠠᠰᠠᠭ ᠤᠨ ᠶᠠᠪᠤᠳᠠᠯ ᠤᠨ ᠵᠠᠮᠴᠢᠯᠠᠬᠤ ᠫᠠᠶᠢᠰᠠ﹀ ᠨᠢ ᠮᠠᠰᠢ ᠳᠦᠭᠦᠮ ᠦᠵᠡᠭᠦᠯᠵᠦ ᠪᠠᠶᠢᠨ᠎ᠠ᠃ ᠳᠡᠯᠭᠡᠭᠦᠷ ᠲᠡᠭᠡᠨ ᠰᠠᠭᠤᠵᠤ ᠪᠠᠶᠢᠭᠠᠳ ᠺᠣᠳ᠋ ᠰᠢᠷᠪᠢᠪᠡᠯ ᠠᠵᠢᠯ ᠶᠠᠪᠤᠳᠠᠯ ᠭᠦᠢᠴᠡᠳᠬᠡᠬᠦ ᠳᠤ ᠠᠯᠢ ᠰᠠᠯᠠᠭ᠎ᠠ ᠮᠥᠴᠢᠷ ᠲᠤ ᠣᠴᠢᠬᠤ᠂ ᠶᠠᠮᠠᠷ ᠶᠠᠮᠠᠷ ᠮᠠᠲ᠋ᠧᠷᠢᠶᠠᠯ ᠪᠡᠯᠡᠳᠬᠡᠬᠦ ᠬᠡᠷᠡᠭᠲᠡᠢ ᠭᠡᠳᠡᠭ ᠢ  ᠮᠡᠳᠡᠴᠢᠬᠡᠨ᠎ᠡ︾ ᠭᠡᠵᠦ ᠪᠠᠯᠭᠠᠷᠭᠤᠣᠯ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠳ᠋ᠧᠩ ᠵᠢᠶᠦ᠋ᠨ ᠪᠠᠶᠠᠷᠲᠠᠢ ᠬᠡᠯᠡᠵᠦ ᠪᠠᠶᠢᠯ᠎ᠠ᠃ ᠣᠳᠣᠬᠠᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠠᠩᠬᠢᠮ᠂ ᠰᠤᠮᠤ ᠪᠠᠯᠭᠠᠰᠤ ᠪᠠ ᠭᠠᠴᠠᠭ᠎ᠠ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠵᠢᠴᠢ ᠰᠠᠭᠤᠭᠠᠯᠢ ᠲᠣᠭᠤᠷᠢᠭ ᠤᠨ ᠠᠰᠠᠷ᠂ ᠬᠤᠳᠠᠯᠳᠤᠭᠠᠨ ᠤ ᠲᠣᠭᠤᠷᠢᠭ᠂ ᠪᠠᠩᠬᠢ ᠶᠢᠨ ᠲᠣᠣᠷ ᠴᠡᠭ ᠵᠡᠷᠭᠡ ᠬᠥᠮᠥᠨ ᠣᠯᠠᠨ ᠴᠤᠭᠯᠠᠷᠠᠳᠠᠭ ᠭᠠᠵᠠᠷ ᠣᠷᠣᠨ ᠳᠤ᠂ ᠠᠵᠤ ᠠᠬᠤᠶᠢᠯᠠᠯ ᠪᠠ ᠣᠯᠠᠨ ᠲᠦᠮᠡᠨ ᠺᠣᠳ᠋ ᠰᠢᠷᠪᠢᠪᠡᠯ ᠳᠠᠷᠤᠢ ᠬᠠᠮᠢᠶ᠎ᠠ ᠪᠦᠬᠦᠢ ᠦᠢᠯᠡᠴᠢᠯᠡᠭᠡᠨ ᠤ ᠮᠡᠳᠡᠭᠡ ᠵᠠᠩᠭᠢ ᠶᠢ ᠣᠯᠵᠤ ᠳᠡᠶᠢᠯᠬᠦ ᠪᠣᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠴᠣᠩᠬᠤ︾ ᠠᠴᠠ ︽ᠭᠡᠷ ᠤᠨ ᠡᠭᠦᠳᠡ︾ ᠬᠦᠷᠲᠡᠯ᠎ᠡ ᠤᠷᠲᠤᠳᠬᠠᠬᠤ ᠶᠢ ᠪᠡᠶᠡᠯᠡᠭᠦᠯᠵᠡᠢ᠃ ︽ᠲᠣᠭᠠᠴᠢᠯᠠᠭᠰᠠᠨ ᠵᠠᠰᠠᠭ ᠤᠨ ᠶᠠᠪᠤᠳᠠᠯ ᠤᠨ ᠵᠠᠮᠴᠢᠯᠠᠬᠤ ᠫᠠᠶᠢᠰᠠ︾ ᠳᠤ 11 ᠰᠠᠯᠠᠭ᠎ᠠ ᠮᠥᠴᠢᠷ ᠤᠨ 80 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠪᠠᠶᠢᠩᠭᠤ ᠲᠣᠬᠢᠶᠠᠯᠳᠤᠳᠠᠭ 305 ᠬᠤᠪᠢ ᠠᠰᠠᠭᠤᠳᠠᠯ ᠢ ᠰᠣᠩᠭᠤᠨ ᠣᠷᠤᠭᠤᠯᠵᠤ᠂ 297 ᠬᠤᠪᠢ ᠠᠰᠠᠭᠤᠨ ᠯᠠᠪᠯᠠᠬᠤ ᠵᠦᠢᠯ ᠵᠢᠴᠢ ᠨᠥᠬᠦᠪᠦᠷᠢ ᠲᠣᠳᠣᠷᠬᠠᠶᠢᠯᠠᠯᠲᠠ ᠶᠢᠨ ᠲᠤᠬᠠᠢ ᠳᠣᠲᠣᠨᠣ ᠪᠠᠷ ᠰᠠᠨᠠᠭᠤᠯᠤᠨ᠂ ᠭᠦᠢᠴᠡᠳᠬᠡᠬᠦ ᠨᠥᠬᠦᠴᠡᠯ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠠᠷᠭ᠎ᠠ ᠮᠠᠶ᠋ᠢᠭ᠂ ᠭᠦᠢᠴᠡᠳᠬᠡᠭᠰᠡᠨ ᠦᠷ᠎ᠡ ᠳ᠋ᠦᠩ ᠵᠡᠷᠭᠡ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠶᠢ ᠰᠢᠭᠤᠳ ᠨᠥᠯᠥᠭᠡᠯᠡᠬᠦ ᠬᠦᠴᠦᠨ ᠵᠦᠢᠯ ᠢ ᠡᠮᠬᠢᠯᠡᠨ ᠳᠢᠭᠯᠡᠵᠦ᠂ 80 ᠬᠤᠪᠢ ᠠᠵᠢᠯ ᠤᠨ ᠵᠦᠭᠯᠡᠭᠦᠷ ᠭᠠᠷᠭᠠᠨ᠂ ᠬᠤᠯᠪᠣᠭᠳᠠᠬᠤ ᠤᠴᠢᠷ ᠶᠠᠪᠤᠳᠠᠯ ᠤᠨ ᠮᠡᠳᠡᠭᠡ ᠵᠠᠩᠭᠢ ᠶᠢ ︽ᠨᠢᠭᠡ ᠯᠡ ᠥᠷᠲᠡᠭᠡ︾ ᠠᠴᠠ ᠣᠯᠬᠤ  ᠶᠢ ᠪᠡᠶᠡᠯᠡᠭᠦᠯᠵᠦ᠂ ᠡᠭᠦᠨ ᠤ ᠬᠠᠮᠲᠤ ᠦᠢᠯᠡᠴᠢᠯᠡᠭᠡᠨ ᠤ ᠲᠤᠬᠠᠢ 77 ᠬᠤᠪᠢ ᠸᠢᠳᠢᠤ᠋ ᠪᠢᠴᠢᠯᠭᠡ ᠶᠢ ᠨᠠᠷᠢᠨ ᠨᠢᠮᠪᠠᠢ ᠨᠠᠶᠢᠷᠠᠭᠤᠯᠤᠨ ᠦᠢᠯᠡᠳᠴᠦ᠂ ᠲᠥᠬᠦᠮ ᠣᠶᠢᠯᠠᠭᠠᠮᠵᠢᠲᠠᠢ ᠵᠢᠷᠤᠭ ᠥᠰᠥᠭ᠂ ᠸᠢᠳᠢᠤ᠋ ᠵᠡᠷᠭᠡ ᠬᠡᠯᠪᠡᠷᠢ ᠪᠠᠷ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠲᠣᠳᠣᠷᠬᠠᠢ ᠬᠠᠷᠠᠭᠤᠯᠵᠤ᠂ ᠣᠶᠢᠯᠠᠭᠠᠬᠤ ᠳᠤ ᠪᠡᠷᠬᠡ ᠲᠤᠰᠬᠠᠢ ᠮᠡᠷᠭᠡᠵᠢᠯ ᠤᠨ ᠬᠡᠯᠡ ᠬᠡᠯᠡᠯᠭᠡ ᠶᠢ ᠠᠵᠤ ᠠᠬᠤᠶᠢᠯᠠᠯ ᠪᠠ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠣᠶᠢᠷᠠᠲᠤᠭᠰᠠᠨ ︽ᠶᠠᠷᠢᠶᠠᠨ ᠤ ᠬᠡᠯᠡ︾ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠳᠦᠭᠦᠮ ᠦᠵᠡᠭᠦᠯᠪᠡ᠃      7 ᠵᠦᠢᠯ ᠤᠨ ᠠᠷᠭ᠎ᠠ ᠬᠡᠯᠪᠡᠷᠢ ᠪᠠᠷ ︽ᠵᠠᠰᠠᠭ ᠢ ᠴᠤᠮᠠᠳᠬᠠᠵᠤ ᠬᠠᠮᠢᠶᠠᠷᠤᠯᠲᠠ ᠦᠢᠯᠡᠴᠢᠯᠡᠭᠡ ᠶᠢ ᠤᠶᠠᠯᠳᠤᠭᠤᠯᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠪᠡᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠨᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠬᠢᠷᠢ ᠲᠦᠪᠰᠢᠨ ᠪᠠ ᠣᠯᠠᠨ ᠲᠦᠮᠡᠨ ᠤ ᠬᠦᠷᠲᠡᠮᠵᠢᠲᠦ ᠲᠥᠷᠥᠭᠳᠡᠯ ᠲᠠᠢ  ᠬᠤᠯᠪᠣᠭᠳᠠᠳᠠᠭ᠃ ᠭᠡᠬᠦ ᠳ᠋ᠡᠭᠡᠨ‌ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠨᠢ  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠳᠠᠲᠤ ᠵᠦᠢᠯᠡᠰ  ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠣᠶᠢᠷ᠎ᠠ ᠶᠢᠨ ᠵᠢᠯ ᠤᠨ ᠲᠤᠷᠰᠢ᠂ ᠪᠠᠷᠠᠭᠤᠨ ᠦᠵᠦᠮᠦᠴᠢᠨ ᠬᠤᠰᠢᠭᠤ ᠭᠠᠵᠠᠷ ᠣᠷᠣᠨ ᠤ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠭ᠎ᠠ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ︽ᠨᠢᠭᠡ ᠰᠦᠯᠵᠢᠶ᠎ᠡ ᠪᠠᠷ ᠭᠦᠢᠴᠡᠳᠬᠡᠬᠦ᠂ ᠨᠢᠭᠡ  ᠭᠠᠵᠠᠷ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠬᠦ᠂ ᠭᠠᠷ ᠤᠲᠠᠰᠠᠤ ᠪᠠᠷ ᠭᠦᠢᠴᠡᠳᠬᠡᠬᠦ᠂ ᠲᠠᠨ ᠳᠤ ᠬᠠᠪᠰᠤᠷᠤᠨ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠰᠡᠳᠬᠢᠯ ᠢᠶᠠᠨ ᠬᠤᠯᠪᠣᠬᠤ︾ 7 ᠵᠦᠢᠯ ᠤᠨ ᠠᠷᠭ᠎ᠠ ᠮᠠᠶ᠋ᠢᠭ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠯᠠᠪᠳᠠᠭᠤᠨ ᠠᠬᠢᠭᠤᠯᠵᠤ᠂ ︽ᠵᠠᠰᠠᠭ ᠢ ᠴᠤᠮᠠᠳᠬᠠᠵᠤ ᠬᠠᠮᠢᠶᠠᠷᠤᠯᠲᠠ ᠦᠢᠯᠡᠴᠢᠯᠡᠭᠡ ᠶᠢ ᠤᠶᠠᠯᠳᠤᠭᠤᠯᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠯᠠᠪᠳᠠᠭᠤᠨ ᠠᠬᠢᠭᠤᠯᠵᠤ᠂ ᠪᠥᠬᠦ ᠲᠠᠯ᠎ᠠ ᠪᠠᠷ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠪᠠᠷ ᠭᠤᠣᠯᠳᠠᠯᠭ᠎ᠠ ᠲᠠᠢ ᠲᠥᠷᠥᠯ ᠵᠦᠢᠯ ᠤᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦ ᠨᠡᠮᠡᠷᠢᠯᠡᠪᠡ᠃     ᠣᠲᠣ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ 38 ᠰᠠᠯᠠᠭ᠎ᠠ ᠮᠥᠴᠢᠷ ᠤᠨ 1120 ᠵᠦᠢᠯᠡᠰ ᠢ ᠴᠥᠮ ᠥᠪᠡᠷᠲᠡᠭᠡᠨ ᠵᠠᠰᠠᠬᠤ ᠣᠷᠣᠨ ᠤ ︽ᠶᠡᠷᠦᠩᠬᠡᠶᠢᠯᠡᠭᠰᠡᠨ ᠨᠢᠭᠡ ᠴᠣᠩᠬᠤ ᠪᠠᠷ ᠭᠥᠯᠢᠶᠡᠨ ᠠᠪᠴᠤ ᠭᠦᠢᠴᠡᠳᠬᠡᠬᠦ ᠰᠢᠰᠲ᠋ᠧᠮ︾ ᠳᠤ ᠣᠷᠣᠭᠤᠯᠤᠨ᠂ ᠰᠦᠯᠵᠢᠶᠡᠨ ᠳᠡᠭᠡᠷ᠎ᠡ ᠪᠣᠳᠠᠲᠠᠢ ᠭᠦᠢᠴᠡᠳᠬᠡᠭᠰᠡᠨ ᠨᠣᠷᠮ᠎ᠠ ᠨᠢ 68.31% ᠳᠤ ᠬᠦᠷᠴᠡᠢ᠃ ᠶᠡᠷᠦᠩᠬᠡᠶᠢᠯᠡᠭᠰᠡᠨ ᠴᠣᠩᠬᠤᠨ ᠤ ᠲᠣᠬᠢᠷᠠᠭᠤᠯᠤᠯᠲᠠ ᠶᠢᠨ ᠬᠠᠷᠢᠴᠠᠯ 100% ᠳᠤ ᠬᠦᠷᠴᠦ᠂ 1602 ᠵᠦᠢᠯ ᠳᠤ ︽ᠨᠢᠭᠡ ᠴᠣᠩᠬᠤ︾ ᠶᠢᠨ ᠳᠥᠭᠦᠮ ᠳᠥᠲᠡ ᠦᠢᠯᠡᠴᠢᠯᠡᠭᠡ ᠬᠠᠩᠭᠠᠬᠤ ᠶᠢ ᠪᠡᠶᠡᠯᠡᠭᠦᠯᠵᠦ᠂ ᠬᠤᠶᠢᠰᠢᠯᠠᠭᠤᠯᠤᠨ ᠭᠦᠢᠴᠡᠳᠬᠡᠬᠦ 1520 ᠵᠦᠢᠯ ᠤᠨ ᠠᠵᠢᠯ ᠶᠠᠪᠤᠳᠠᠯ ᠢ ᠨᠡᠶᠢᠲᠡᠯᠡᠵᠦ᠂ ᠪᠠᠶᠢᠭᠠᠯᠢ ᠬᠥᠮᠥᠨ᠂ ᠠᠵᠤ ᠠᠬᠤᠶᠢᠯᠠᠯ ᠤᠨ ︽ᠪᠦᠬᠦ ᠦᠶᠡᠯᠡᠯ ᠤᠨ ᠬᠤᠭᠤᠴᠠᠭ᠎ᠠ︾ ᠶᠢᠨ ᠲᠣᠭᠤᠷᠢᠨ ᠳᠤ᠂ 126 ᠵᠦᠢᠯ ᠤᠨ ᠤᠴᠢᠷ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠵᠦ᠂ ᠡᠭᠦᠨ ᠳᠤ ᠠᠵᠤ ᠠᠬᠤᠶᠢᠯᠠᠯ ᠡᠷᠭᠢᠯᠡᠬᠦ᠂ ᠠᠵᠢᠯᠲᠠᠨ ᠡᠯᠰᠡᠬᠦ᠂ ᠠᠵᠤ ᠠᠬᠤᠶᠢᠯᠠᠯ ᠳᠤ ᠬᠤᠯᠪᠣᠭᠳᠠᠬᠤ ᠲᠣᠭᠲᠠᠮᠠᠯ ᠬᠥᠷᠥᠩᠭᠡ᠂ ᠠᠵᠤ ᠠᠬᠤᠶᠢᠯᠠᠯ ᠢ ᠬᠦᠴᠦᠨ ᠦᠭᠡᠢ ᠪᠣᠯᠭᠠᠬᠤ  ᠵᠡᠷᠭᠡ 13 ᠵᠦᠢᠯ ᠤᠨ ᠭᠦᠢᠴᠡᠳᠬᠡᠬᠦ ᠨᠣᠷᠮ᠎ᠠ ᠨᠢ ᠥᠨᠳᠥᠷ ᠠᠵᠢᠯ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠨᠠᠷᠢᠯᠢᠭ  ᠣᠨᠣᠪᠴᠢᠲᠠᠢ ᠠᠬᠢᠭᠤᠯᠪᠠ᠃ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠠᠴᠠ ᠡᠮᠦᠨᠡᠬᠢ ᠲᠠᠢ ᠬᠠᠷᠢᠴᠠᠭᠤᠯᠪᠠᠯ᠂ ᠠᠵᠢᠯ ᠶᠠᠪᠤᠳᠠᠯ ᠢ ᠭᠦᠢᠴᠡᠳᠬᠡᠬᠦ ᠳᠤ ᠬᠡᠷᠡᠭᠰᠡᠬᠦ ᠮᠠᠲ᠋ᠧᠷᠢᠶᠠᠯ ᠢ 40%  ᠪᠠᠷ ᠪᠠᠭᠠᠰᠬᠠᠵᠤ᠂ ᠭᠦᠢᠴᠡᠳᠬᠡᠬᠦ ᠭᠤᠭᠴᠤᠭ᠎ᠠ ᠶᠢ 50% ᠪᠠᠷ ᠪᠠᠭᠠᠰᠬᠠᠵᠤ᠂ ᠭᠦᠢᠴᠡᠳᠬᠡᠬᠦ ᠴᠠᠭ ᠢ 51% ᠪᠠᠷ ᠲᠦᠷᠭᠡᠳᠬᠡᠵᠦ᠂ ᠶᠠᠪᠤᠵᠤ ᠰᠠᠭᠤᠬᠤ ᠤᠳᠠᠭ᠎ᠠ ᠶᠢ 75% ᠪᠠᠷ ᠪᠠᠭᠠᠰᠬᠠᠬᠤ ᠶᠢᠨ ᠬᠠᠮᠲᠤ᠂ ᠪᠥᠬᠦ ᠠᠶᠢᠮᠠᠭ ᠤᠨ ᠠᠩᠬ᠎ᠠ ᠤᠳᠠᠭ᠎ᠠ ᠭᠥᠯᠢᠶᠡᠨ ᠠᠪᠴᠤ ᠭᠦᠢᠴᠡᠳᠬᠡᠬᠦ᠂ ᠵᠥᠪᠳᠡᠯᠴᠡᠬᠦ᠂ ᠬᠠᠮᠲᠤᠷᠠᠨ ᠬᠢᠨᠠᠬᠤ ᠭᠤᠷᠪᠠᠨ ᠲᠣᠭᠤᠷᠢᠭ ᠤᠨ ᠬᠤᠯᠪᠤᠭᠠᠯᠠᠨ ᠬᠥᠳᠡᠯᠦᠯᠴᠡᠬᠦ ᠬᠡᠯᠬᠢᠶ᠎ᠡ ᠦᠢᠯᠡᠴᠢᠯᠡᠭᠡᠨ ᠤ ︽ᠮᠥᠩᠬᠡ ᠰᠤᠪᠠᠭ · ᠲᠠᠨ ᠳᠤ ᠬᠠᠪᠰᠤᠷᠤᠨ ᠭᠦᠢᠴᠡᠳᠬᠡᠬᠦ︾ ᠨᠢᠭᠡ ᠥᠷᠲᠡᠭᠡᠴᠢᠯᠡᠭᠰᠡᠨ ᠮᠠᠶ᠋ᠢᠭ ᠤᠨ ᠦᠢᠯᠡᠴᠢᠯᠡᠭᠡᠨ ᠤ ᠠᠵᠢᠯ ᠤᠨ ᠥᠷᠲᠡᠭᠡ ᠶᠢ ᠪᠠᠶᠢᠭᠤᠯᠬᠤ ᠶᠢᠨ ᠬᠠᠮᠲᠤ ︽ᠵᠠᠰᠠᠭ ᠪᠠᠩᠬᠢ ᠬᠠᠮᠲᠤᠷᠠᠯᠴᠠᠬᠤ︾ ᠶᠢ ᠬᠡᠷᠡᠭᠵᠢᠭᠦᠯᠵᠦ᠂ ᠠᠵᠤ ᠠᠬᠤᠶᠢᠯᠠᠯ ᠳᠤ ᠪᠥᠬᠦ ᠶᠠᠪᠤᠴᠠ ᠶᠢᠨ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠵᠠᠢ᠃ ᠣᠳᠣᠬᠠᠨ ᠳᠤ ︽ᠲᠠᠨ ᠳᠤ ᠬᠠᠪᠰᠤᠷᠤᠨ ᠭᠦᠢᠴᠡᠳᠬᠡᠬᠦ︾ ᠵᠦᠢᠯᠡᠰ ᠢ 40 ᠵᠦᠢᠯ ᠪᠣᠯᠭᠠᠨ ᠥᠷᠭᠡᠳᠬᠡᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠡᠯ᠎ᠡ ᠭᠤᠭᠴᠤᠭ᠎ᠠ ᠶᠢᠨ ᠴᠠᠭ ᠤᠨ ᠬᠢᠵᠠᠭᠠᠷ ᠢ ᠵᠥᠪᠬᠡᠨ 25 ᠡᠳᠦᠷ ᠪᠣᠯᠭᠠᠭᠰᠠᠨ ᠪᠠᠶᠢᠨ᠎ᠠ᠃    ᠠᠷᠠᠳ ᠤᠨ ᠠᠮᠢᠳᠤᠷᠠᠯ ᠤᠨ ᠶᠡᠭᠡ ᠪᠠᠭ᠎ᠠ ᠶᠠᠪᠤᠳᠠᠯ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠲᠣᠣᠷ︾ ᠢ ᠨᠢᠭᠲᠠ ᠰᠦᠯᠵᠢᠬᠦ ᠠᠴᠠ ᠰᠠᠯᠵᠤ ᠴᠢᠳᠠᠬᠤ ᠦᠭᠡᠢ ᠶᠤᠮ᠃ 2024 ᠣᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ︽ᠥᠨᠳᠥᠷ ᠪᠦᠲᠦᠮᠵᠢᠲᠡᠶ ᠪᠠᠷ ᠠᠵᠢᠯ ᠶᠠᠪᠤᠳᠠᠯ ᠢ ᠬᠦᠢᠴᠡᠳᠭᠡᠬᠦ︾ ᠶᠢ ᠦᠷᠭᠦᠯᠵᠢᠯᠡᠨ ᠠᠬᠢᠭᠤᠯᠬᠤ ᠪᠠᠷ ᠬᠥᠲᠥᠯᠥᠮᠵᠢ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠪᠠᠭ᠎ᠠ ᠶᠠᠪᠤᠳᠠᠯ︾ ᠢ ᠥᠨᠳᠥᠷ ᠪᠦᠲᠦᠮᠵᠢᠲᠡᠶ ᠪᠠᠷ ᠰᠠᠶᠢᠲᠤᠷ ᠭᠦᠢᠴᠡᠳᠬᠡᠬᠦ ᠪᠠᠷ ᠴᠢᠷᠮᠠᠶᠢᠵᠤ᠂ ᠠᠷᠠᠳ ᠲᠦᠮᠡᠨ ᠢᠶᠠᠷ ᠭᠤᠣᠯ ᠪᠣᠯᠭᠠᠵᠤ᠂ ᠠᠷᠠᠳ ᠲᠦᠮᠡᠨ ᠳᠤ ᠦᠢᠯᠡᠴᠢᠯᠡᠬᠦ ︽ᠶᠡᠭᠡ ᠬᠠᠷᠠᠯᠲᠠ︾ ᠶᠢ ᠪᠡᠶᠡᠯᠡᠭᠦᠯᠦᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号