ᠮᠠᠯᠴᠢᠨ ᠪᠤᠶᠠᠠᠪᠠᠳᠤ ᠴᠠᠭᠠᠨ ᠢᠳᠡᠭᠡᠨ ᠪᠤᠷᠤᠯᠠᠭᠤᠯᠤᠨ ᠤᠷᠤᠯᠭ᠎ᠠ ᠪᠠᠨ ᠨᠡᠮᠡᠭᠳᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/4/12
     ᠤᠶᠢᠷ᠎ᠠ ᠶᠢᠨ ᠵᠢᠯ ᠳᠤ ᠮᠠᠯᠴᠢᠳ ᠮᠠᠨᠢ ᠨᠤᠳᠤᠭ ᠳᠠᠭᠠᠨ ᠲᠤᠬᠢᠷᠠᠭᠤᠯᠤᠨ ᠮᠠᠯᠵᠢᠬᠤ ᠶᠢᠨ ᠬᠠᠮᠳᠤ᠂ ᠠᠵᠤ ᠠᠬᠤᠢ ᠶᠢᠨ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠬᠠᠶᠢᠵᠤ ᠰᠦᠪᠡᠭᠴᠢᠯᠡᠬᠦ ᠪᠤᠯᠵᠤ ᠪᠠᠶᠢᠨ᠎ᠠ᠃ ᠮᠠᠯᠴᠢᠨ ᠪᠤᠶᠠᠠᠪᠠᠳᠤ ᠰᠠᠭᠠᠯᠢ ᠶᠢᠨ ᠦᠨᠢᠶ᠎ᠡ ᠲᠡᠵᠢᠭᠡᠵᠦ ᠰᠦ ᠰᠠᠭᠠᠯᠢ ᠪᠠᠨ ᠪᠤᠷᠤᠯᠠᠭᠤᠯᠤᠨ ᠮᠠᠯᠵᠢᠯ ᠤᠨ ᠪᠤᠰᠤ ᠤᠷᠤᠯᠭ᠎ᠠ ᠪᠠᠨ ᠨᠡᠮᠡᠭᠳᠡᠭᠦᠯᠦᠭᠰᠡᠭᠡᠷ ᠢᠷᠡᠪᠡ᠃      ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠰᠢᠭᠤ ᠰᠤᠮᠤᠨ ᠤ ᠬᠠᠷᠠᠭᠠᠳᠤ ᠭᠠᠴᠠᠭᠠᠨ ᠤ ᠮᠠᠯᠴᠢᠨ ᠪᠤᠶᠠᠠᠪᠠᠳᠤ ᠶᠢᠨ ᠬᠢ ᠠᠳᠤᠭᠤ ᠭᠤᠤᠯᠯᠠᠨ ᠮᠠᠯᠵᠢᠵᠤ ᠤᠳᠤᠬᠠᠨ 80 ᠭᠠᠷᠤᠢ ᠠᠳᠤᠭᠤ ᠲᠠᠢ ᠪᠣᠯᠵᠠᠢ᠃ ᠬᠡᠳᠦᠶᠢᠪᠡᠷ ᠨᠤᠳᠤᠭ ᠪᠡᠯᠴᠢᠭᠡᠷ ᠲᠡᠭᠡᠨ ᠵᠤᠬᠢᠴᠠᠭᠤᠯᠤᠨ ᠮᠠᠯᠵᠢᠭᠰᠠᠨ ᠴᠦ ᠭᠠᠭᠴᠠ ᠲᠦᠷᠦᠯ ᠤᠨ ᠮᠠᠯ ᠨᠢ ᠤᠷᠤᠯᠭ᠎ᠠ ᠶᠢᠨ ᠨᠡᠮᠡᠭᠳᠡᠯ ᠢ ᠨᠢ ᠨᠦᠯᠦᠭᠡᠯᠡᠵᠦ ᠪᠠᠶᠢᠯ᠎ᠠ᠃ ᠡᠶᠢᠨᠬᠦ ᠪᠤᠶᠠᠠᠪᠠᠳᠤ ᠪᠦᠰᠡᠭᠦᠢ ᠤᠷᠠᠠᠴᠡᠴᠡᠭ ᠲᠠᠢ ᠪᠠᠨ ᠵᠦᠪᠳᠡᠯᠴᠡᠨ ᠰᠠᠭᠠᠯᠢ ᠶᠢᠨ ᠦᠨᠢᠶ᠎ᠡ ᠲᠡᠵᠢᠭᠡᠵᠦ ᠰᠦ ᠰᠠᠭᠠᠯᠢ ᠬᠤᠳᠠᠯᠳᠤᠨ ᠤᠷᠤᠯᠭ᠎ᠠ ᠪᠠᠨ ᠨᠡᠮᠡᠭᠳᠡᠬᠦᠯᠬᠦ ᠪᠠᠷ ᠪᠤᠯᠵᠤ᠂ 2016 ᠤᠨ ᠳᠤ ᠰᠦᠨ ᠤ ᠦᠨᠢᠶ᠎ᠡ ᠬᠤᠳᠠᠯᠳᠤᠨ ᠠᠪᠴᠠᠢ᠃     ᠤᠳᠤ ᠪᠤᠶᠠᠠᠪᠠᠳᠤ ᠶᠢᠨ ᠰᠦ ᠶᠢᠨ ᠡᠭᠦᠯᠳᠡᠷ ᠤᠨ ᠦᠬᠡᠷ 15 ᠪᠤᠯᠵᠤ᠂ 9 ᠦᠨᠢᠶ᠎ᠡ ᠰᠠᠭᠠᠵᠦ᠂ ᠦᠷᠦᠮ᠎ᠡ᠂    ᠵᠦᠭᠡᠭᠡᠢ᠂ ᠬᠤᠷᠤᠳ᠂ ᠰᠢᠷ᠎ᠠ ᠲᠤᠰᠤ ᠵᠡᠷᠭᠡ ᠤᠨᠴᠠᠯᠢᠠᠠᠳᠦ ᠴᠠᠭᠠᠨ ᠢᠳᠡᠭᠡᠨ ᠤ ᠪᠦᠳᠦᠭᠡᠭᠳᠡᠭᠦᠨ ᠪᠤᠯᠪᠠᠰᠤᠷᠠᠭᠤᠯᠤᠨ ᠬᠢᠵᠦ ᠂ ᠬᠤᠰᠢᠭᠤᠨ ᠲᠦᠪ ᠲᠤ ᠭᠦᠷᠭᠡᠬᠦ ᠪᠤᠶᠤ ᠰᠦᠯᠵᠢᠶ᠎ᠡ ᠬᠤᠯᠪᠤᠭ᠎ᠠ ᠪᠠᠷ ᠲᠠᠮᠵᠢᠭᠤᠯᠤᠨ ᠭᠠᠳᠠᠨ᠎ᠠ ᠤᠷᠤᠨ ᠳᠤ ᠪᠤᠷᠤᠯᠠᠭᠤᠯᠵᠤ ᠪᠠᠶᠢᠨ᠎ᠠ᠃ ᠡᠶᠢᠨᠬᠦ ᠡᠳᠡᠨᠡᠶᠢᠬᠢᠨ ᠤ ᠵᠢᠯ ᠳᠤ ᠴᠠᠭᠠᠨ ᠢᠳᠡᠭᠡᠨ ᠪᠤᠷᠤᠯᠠᠭᠤᠯᠤᠭᠰᠠᠨ ᠪᠦᠬᠦ ᠤᠷᠤᠯᠭ᠎ᠠ 5 ᠲᠦᠮᠡᠨ ᠲᠦᠭᠦᠷᠢᠭ ᠎ ᠲᠤ ᠬᠦᠷᠴᠦ᠂ ᠡᠨᠡ ᠨᠢ ᠵᠢᠯ ᠤᠨ ᠴᠡᠪᠡᠷ ᠤᠷᠤᠯᠭ᠎ᠠ ᠶᠢᠨ ᠬᠢᠨᠢ ᠬᠠᠭᠠᠰ ᠢ ᠡᠵᠡᠯᠡᠬᠦ ᠪᠤᠯᠵᠤ ᠨᠢᠭᠡᠨᠳᠡ ᠠᠵᠤ ᠠᠬᠤᠢ ᠶᠢᠨ ᠦᠷ᠎ᠡ ᠠᠰᠢᠭ ᠡᠭᠦᠳᠦᠭᠡᠳ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号