ᠪᠠᠷᠠᠭᠤᠨ ᠦᠵᠦᠮᠦᠴᠢᠨ ᠬᠤᠰᠢᠭᠤ ᠭᠤᠶᠢᠳᠠ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠲᠠᠢ ᠪᠥᠭᠡᠳ | ᠥᠨᠢ ᠤᠳᠠᠭᠠᠨ ᠲᠡᠦᠬᠡ ᠰᠣᠶᠣᠯ ᠲᠠᠢ ᠶᠤᠮ᠃ ᠲᠡᠦᠬᠡ ᠰᠣᠶᠣᠯ ᠤᠨ ᠥᠪ ᠪᠣᠯ ᠲᠠᠬᠢᠨ ᠡᠭᠦᠰᠴᠦ ᠦᠯᠦ ᠪᠣᠯᠬᠤ᠂ | ᠣᠷᠣᠯᠠᠭᠤᠯᠵᠤ ᠪᠣᠯᠣᠰᠢ ᠦᠭᠡᠢ ᠡᠷᠬᠢᠮ ᠨᠠᠨᠳᠢᠨ ᠡᠬᠢ ᠪᠠᠶᠠᠯᠢᠭ ᠮᠥᠨ ᠪᠣᠯᠬᠤᠷ ᠬᠠᠮᠠᠭᠠᠯᠠᠯᠲᠠ ᠶᠢ ᠡᠷᠬᠡᠪᠰᠢ | ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ ᠪᠠᠶᠢᠳᠠᠭ᠃ | | | ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠤᠯ ᠪᠠᠯᠭᠠᠰᠤᠨ ᠤ ᠠᠯᠳᠠᠳᠣ ᠭᠠᠴᠠᠭᠠᠨ ᠳᠤ ᠨᠢᠭᠡᠨ | ᠡᠷᠲᠡᠨ ᠤ ᠬᠤᠲᠠ ᠶᠢᠨ ᠪᠠᠭᠤᠷᠢ ᠪᠠᠶᠢᠳᠠᠭ᠂ ᠡᠨᠡᠬᠦ ᠡᠷᠲᠡᠨ ᠤ ᠬᠤᠲᠠ ᠶᠢᠨ ᠪᠠᠭᠤᠷᠢ ᠶᠢᠨ ᠨᠡᠷ᠎ᠡ ᠨᠢ ᠵᠢᠷ ᠤᠨ ᠭᠤᠤᠯ | ᠬᠤᠲᠠ ᠶᠢᠨ ᠪᠠᠭᠤᠷᠢ ᠬᠡᠳᠡᠭ᠂ ᠲᠤᠬᠠᠢ ᠶᠢᠨ ᠭᠠᠵᠠᠷ ᠤᠨ ᠮᠠᠯᠴᠢᠳ ᠮᠠᠨᠢ ᠭᠠᠵᠠᠷ ᠬᠡᠷᠡᠮ ᠭᠡᠵᠣ ᠨᠠᠷᠡᠯᠡᠳᠡᠭ ᠪᠠᠶᠢᠨ᠎ᠠ᠃ | 1986 ᠣᠨ ᠳᠤ ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠰᠤᠳᠤᠯᠭᠠᠨ ᠤ ᠭᠦᠷᠢᠶᠠᠯᠠᠩ ᠠᠴᠠ ᠲᠤᠰ | ᠬᠤᠲᠠ ᠶᠢᠨ ᠪᠠᠭᠤᠷᠢ ᠠᠴᠠ ᠨᠢᠬᠡ ᠬᠡᠰᠡᠭ ᠡᠷᠳᠠᠨ ᠤ ᠸᠠᠭᠠᠷ ᠢ ᠢᠯᠠᠷᠡᠬᠦᠯᠦᠨ ᠰᠣᠳᠣᠯᠠᠭᠰᠠᠨ ᠢᠶᠠᠷ ᠵᠡᠭᠦᠨ ᠬᠠᠨ | ᠤᠯᠤᠰ ᠤᠨ ᠦᠶ᠎ᠡ ᠶᠢᠨ ᠾᠦᠩᠨᠦ ᠬᠦᠮᠦᠨ ᠤ ᠪᠠᠶᠢᠭᠤᠯᠤᠭᠰᠠᠨ ᠡᠷᠳᠠᠨ ᠤ ᠬᠤᠳᠠ ᠬᠡᠵᠦ ᠨᠤᠳᠠᠯᠠᠭᠰᠠᠨ ᠪᠠᠶᠢᠨ᠎ᠠ᠃ | | | ᠲᠤᠰ ᠡᠷᠳᠠᠨ ᠤ ᠬᠤᠳᠠ ᠶᠢᠨ ᠪᠠᠭᠤᠷᠢ ᠨᠢ ᠰᠢᠯᠢ ᠶᠢᠨ ᠭᠤᠣᠯ ᠠᠶᠢᠮᠠᠭ ᠤᠨ ᠲᠣᠳᠣᠷ᠎ᠡ ᠢᠯᠠᠷᠡᠬᠦᠯᠦᠭᠰᠠᠨ | ᠬᠠᠮᠤᠭ ᠡᠷᠲᠡᠨ ᠤ ᠬᠤᠲᠠ ᠶᠢᠨ ᠪᠠᠭᠤᠷᠢ ᠪᠣᠯᠣᠨ᠎ᠠ᠃ ᠡᠨᠡ ᠬᠦ ᠡᠷᠲᠡᠨ ᠤ ᠬᠤᠲᠠ ᠶᠢᠨ ᠪᠠᠭᠤᠷᠢ ᠨᠢ ᠦᠵᠦᠮᠦᠴᠢᠨ | ᠤ ᠲᠠᠯ᠎ᠠ ᠨᠤᠲᠤᠭ ᠲᠤ 1800 ᠭᠠᠷᠤᠢ ᠵᠢᠯ ᠤᠨ ᠰᠠᠯᠬᠢ ᠪᠣᠷᠣᠭᠠᠨ ᠢ ᠥᠩᠭᠡᠷᠡᠭᠡᠭᠰᠡᠨ ᠪᠣᠯᠪᠠᠴᠤ ᠬᠤᠳᠠ ᠶᠢᠨ | ᠪᠠᠭᠤᠷᠢ ᠶᠢᠨ ᠲᠦᠷᠭᠦ ᠪᠠᠶᠢᠳᠠᠯ ᠨᠠᠯᠢᠶᠠᠳ ᠲᠣᠳᠣᠷᠬᠠᠢ ᠪᠠᠶᠢᠵᠤ᠂ ᠬᠤᠳᠠ ᠶᠢᠨ ᠪᠠᠭᠤᠷᠢ ᠶᠢᠨ ᠪᠠᠷᠢᠯᠭ᠎ᠠ ᠶᠢᠨ | ᠤᠨᠴᠠᠯᠢᠭ ᠬᠡᠪᠡᠯ ᠳᠥᠷᠪᠡᠨ ᠲᠠᠯ᠎ᠠ ᠳᠠᠭᠠᠨ ᠬᠡᠷᠡᠮ ᠲᠠᠢ᠂ ᠳᠥᠷᠪᠡᠯᠵᠢᠨ ᠬᠡᠯᠪᠡᠷᠢᠲᠡᠢ᠂ ᠲᠠᠯ᠎ᠠ ᠶᠢᠨ ᠣᠷᠳᠣ ᠨᠢ | ᠪᠠᠷᠤᠭ 177 ᠮᠧᠲᠷ ᠪᠠᠶᠢᠵᠤ᠂ ᠬᠤᠲᠠ ᠶᠢᠨ ᠬᠡᠷᠡᠮ ᠨᠢ ᠰᠢᠷᠣᠢ ᠪᠠᠷ ᠪᠠᠷᠢᠭᠰᠠᠨ ᠪᠥᠭᠡᠳ ᠰᠠᠭᠤᠷᠢ ᠶᠢᠨ ᠥᠷᠭᠡᠨ | ᠨᠢ 8.5 ᠮᠧᠲᠷ᠂ ᠤᠳᠣ ᠦᠯᠠᠳᠠᠵᠦ ᠪᠠᠶᠢᠭ᠎ᠠ ᠬᠡᠷᠡᠮ ᠤᠨ ᠥᠨᠳᠥᠷ ᠨᠢ 2 ᠮᠧᠲᠷ ᠪᠠᠶᠢᠵᠤ᠂ ᠡᠮᠦᠨ᠎ᠡ ᠬᠠᠭᠠᠯᠭ᠎ᠠ | ᠲᠠᠢ᠂ ᠬᠤᠲᠠ ᠶᠢᠨ ᠪᠠᠭᠤᠷᠢ ᠶᠢᠨ ᠳᠤᠮᠳᠠ ᠬᠡᠰᠡᠭ ᠲᠤ ᠪᠠᠨ ᠲᠤᠭᠤᠷᠢᠭ ᠬᠡᠯᠪᠡᠷᠢ ᠶᠢᠨ ᠪᠠᠷᠢᠯᠭ᠎ᠠ ᠶᠢᠨ ᠰᠠᠭᠤᠷᠢ | ᠲᠠᠢ ᠪᠠᠶᠢᠵᠦ᠂ ᠰᠣᠶᠣᠯ ᠤᠨ ᠳᠠᠪᠬᠤᠷᠭ᠎ᠠ ᠶᠢᠨ ᠭᠦᠨᠴᠠᠨᠢ ᠪᠠᠷᠤᠭ 0.5 ᠮᠧᠲᠷ᠂ ᠭᠠᠵᠠᠷ ᠤᠨ ᠭᠠᠳᠠᠷᠭᠤ ᠶᠢ | ᠬᠥᠬᠡ ᠲᠣᠭᠤᠰᠬ᠎ᠠ ᠪᠠᠷ ᠪᠠᠷᠢᠵᠦ᠂ ᠲᠡᠬᠡᠪᠤᠷ ᠢᠶᠠᠨ ᠲᠡᠬᠡᠰᠣᠨ ᠬᠡ ᠲᠠᠢ ᠰᠠᠶᠢᠯᠣᠮᠠᠯ ᠸᠠᠭᠠᠷ ᠢᠶᠠᠷ ᠪᠠᠷᠢᠵᠦ | ᠪᠦᠳᠦᠬᠡᠭᠰᠠᠨ ᠪᠠᠶᠢᠳᠠᠭ᠃ | | | ᠲᠣᠰ ᠡᠷᠳᠠᠨ ᠤ ᠬᠤᠲᠠ ᠶᠢᠨ ᠪᠠᠭᠤᠷᠢ ᠶᠢ 2014 ᠣᠨ ᠳᠤ ᠥᠪᠡᠷᠲᠡᠭᠡᠨ ᠵᠠᠰᠠᠬᠤ ᠣᠷᠣᠨ ᠠᠴᠠ ᠣᠷᠣᠨ ᠤ | ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠᠷ ᠨᠡᠶᠢᠲᠡᠯᠡᠭᠰᠡᠨ ᠪᠥᠭᠡᠳ | ᠪᠠᠷᠠᠭᠤᠨ ᠦᠵᠦᠮᠦᠴᠢᠨ ᠬᠤᠰᠢᠭᠤᠨ ᠤ ᠲᠠᠪᠤᠨ ᠶᠡᠭᠡ ᠤᠷᠤᠨ ᠤ ᠲᠠᠰ ᠤᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ ᠨᠢᠭᠡ ᠪᠣᠯᠣᠨ᠎ᠠ᠃ | |