ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠨᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ | ᠬᠢᠷᠢ ᠲᠦᠪᠰᠢᠨ ᠪᠠ ᠣᠯᠠᠨ ᠲᠦᠮᠡᠨ ᠤ ᠬᠦᠷᠲᠡᠮᠵᠢᠲᠦ ᠲᠥᠷᠥᠭᠳᠡᠯ ᠲᠠᠢ ᠬᠤᠯᠪᠣᠭᠳᠠᠳᠠᠭ᠃ ᠭᠡᠬᠦ ᠳ᠋ᠡᠭᠡᠨᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠳᠠᠲᠤ ᠵᠦᠢᠯᠡᠰ ᠲᠠᠢ | ᠨᠢᠭᠲᠠ ᠬᠤᠯᠪᠣᠭ᠎ᠠ ᠲᠠᠢ ᠪᠠᠶᠢᠳᠠᠭ᠃ ᠣᠶᠢᠷ᠎ᠠ ᠶᠢᠨ ᠵᠢᠯ ᠤᠨ ᠲᠤᠷᠰᠢ᠂ ᠪᠠᠷᠠᠭᠤᠨ ᠦᠵᠦᠮᠦᠴᠢᠨ ᠬᠤᠰᠢᠭᠤ ᠭᠠᠵᠠᠷ | ᠣᠷᠣᠨ ᠤ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠭ᠎ᠠ ᠶᠢᠨ | ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ︽ᠨᠢᠭᠡ ᠰᠦᠯᠵᠢᠶ᠎ᠡ ᠪᠠᠷ ᠭᠦᠢᠴᠡᠳᠬᠡᠬᠦ᠂ ᠨᠢᠭᠡ ᠭᠠᠵᠠᠷ ᠭᠦᠢᠴᠡᠳᠬᠡᠬᠦ᠂ | ᠨᠢᠭᠡ ᠤᠳᠠᠭ᠎ᠠ ᠳᠤ ᠭᠦᠢᠴᠡᠳᠬᠡᠬᠦ᠂ ᠭᠠᠷ ᠤᠲᠠᠰᠠᠤ ᠪᠠᠷ ᠭᠦᠢᠴᠡᠳᠬᠡᠬᠦ᠂ ᠲᠠᠨ ᠳᠤ ᠬᠠᠪᠰᠤᠷᠤᠨ ᠭᠦᠢᠴᠡᠳᠬᠡᠬᠦ᠂ ᠣᠶᠢᠷ᠎ᠠ | ᠬᠠᠪᠢ ᠳᠠᠭᠠᠨ ᠭᠦᠢᠴᠡᠳᠬᠡᠬᠦ᠂ ᠰᠡᠳᠬᠢᠯ ᠢᠶᠠᠨ ᠬᠤᠯᠪᠣᠬᠤ︾ 7 ᠵᠦᠢᠯ ᠤᠨ ᠠᠷᠭ᠎ᠠ ᠮᠠᠶ᠋ᠢᠭ ᠢᠶᠠᠷ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠰᠢᠯᠢᠳᠡᠭᠵᠢᠭᠦᠯᠬᠦ ᠶᠢ ᠯᠠᠪᠳᠠᠭᠤᠨ ᠠᠬᠢᠭᠤᠯᠵᠤ᠂ ︽ᠵᠠᠰᠠᠭ ᠢ ᠴᠤᠮᠠᠳᠬᠠᠵᠤ ᠬᠠᠮᠢᠶᠠᠷᠤᠯᠲᠠ | ᠦᠢᠯᠡᠴᠢᠯᠡᠭᠡ ᠶᠢ ᠤᠶᠠᠯᠳᠤᠭᠤᠯᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠯᠠᠪᠳᠠᠭᠤᠨ ᠠᠬᠢᠭᠤᠯᠵᠤ᠂ | ᠪᠥᠬᠦ ᠲᠠᠯ᠎ᠠ ᠪᠠᠷ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠪᠠᠷ ᠭᠤᠣᠯᠳᠠᠯᠭ᠎ᠠ ᠲᠠᠢ ᠲᠥᠷᠥᠯ ᠵᠦᠢᠯ ᠤᠨ ᠦᠷ᠎ᠡ | ᠠᠰᠢᠭ ᠢ ᠨᠡᠮᠡᠭᠳᠡᠭᠦᠯᠬᠦ ᠳᠤ ᠬᠦᠴᠦ ᠨᠡᠮᠡᠷᠢᠯᠡᠪᠡ᠃ | ᠣᠲᠣ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ 38 ᠰᠠᠯᠠᠭ᠎ᠠ ᠮᠥᠴᠢᠷ ᠤᠨ 1120 ᠵᠦᠢᠯᠡᠰ ᠢ ᠴᠥᠮ | ᠥᠪᠡᠷᠲᠡᠭᠡᠨ ᠵᠠᠰᠠᠬᠤ ᠣᠷᠣᠨ ᠤ ︽ᠶᠡᠷᠦᠩᠬᠡᠶᠢᠯᠡᠭᠰᠡᠨ ᠨᠢᠭᠡ ᠴᠣᠩᠬᠤ ᠪᠠᠷ ᠭᠥᠯᠢᠶᠡᠨ ᠠᠪᠴᠤ ᠭᠦᠢᠴᠡᠳᠬᠡᠬᠦ ᠰᠢᠰᠲ᠋ᠧᠮ︾ | ᠳᠤ ᠣᠷᠣᠭᠤᠯᠤᠨ᠂ ᠰᠦᠯᠵᠢᠶᠡᠨ ᠳᠡᠭᠡᠷ᠎ᠡ ᠪᠣᠳᠠᠲᠠᠢ ᠭᠦᠢᠴᠡᠳᠬᠡᠭᠰᠡᠨ ᠨᠣᠷᠮ᠎ᠠ ᠨᠢ 68.31% ᠳᠤ ᠬᠦᠷᠴᠡᠢ᠃ | ᠶᠡᠷᠦᠩᠬᠡᠶᠢᠯᠡᠭᠰᠡᠨ ᠴᠣᠩᠬᠤᠨ ᠤ ᠲᠣᠬᠢᠷᠠᠭᠤᠯᠤᠯᠲᠠ ᠶᠢᠨ ᠬᠠᠷᠢᠴᠠᠯ 100% ᠳᠤ ᠬᠦᠷᠴᠦ᠂ 1602 ᠵᠦᠢᠯ ᠳᠤ ︽ᠨᠢᠭᠡ | ᠴᠣᠩᠬᠤ︾ ᠶᠢᠨ ᠳᠥᠭᠦᠮ ᠳᠥᠲᠡ ᠦᠢᠯᠡᠴᠢᠯᠡᠭᠡ ᠬᠠᠩᠭᠠᠬᠤ ᠶᠢ ᠪᠡᠶᠡᠯᠡᠭᠦᠯᠵᠦ᠂ ᠬᠤᠶᠢᠰᠢᠯᠠᠭᠤᠯᠤᠨ ᠭᠦᠢᠴᠡᠳᠬᠡᠬᠦ | 1520 ᠵᠦᠢᠯ ᠤᠨ ᠠᠵᠢᠯ ᠶᠠᠪᠤᠳᠠᠯ ᠢ ᠨᠡᠶᠢᠲᠡᠯᠡᠵᠦ᠂ ᠪᠠᠶᠢᠭᠠᠯᠢ ᠬᠥᠮᠥᠨ᠂ ᠠᠵᠤ ᠠᠬᠤᠶᠢᠯᠠᠯ ᠤᠨ ︽ᠪᠦᠬᠦ ᠦᠶᠡᠯᠡᠯ ᠤᠨ | ᠬᠤᠭᠤᠴᠠᠭ᠎ᠠ︾ ᠶᠢᠨ ᠲᠣᠭᠤᠷᠢᠨ ᠳᠤ᠂ 126 ᠵᠦᠢᠯ ᠤᠨ ᠤᠴᠢᠷ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ ᠶᠢ | ᠪᠡᠶᠡᠯᠡᠭᠦᠯᠵᠦ᠂ ᠡᠭᠦᠨ ᠳᠤ ᠠᠵᠤ ᠠᠬᠤᠶᠢᠯᠠᠯ ᠡᠷᠭᠢᠯᠡᠬᠦ᠂ ᠠᠵᠢᠯᠲᠠᠨ ᠡᠯᠰᠡᠬᠦ᠂ ᠠᠵᠤ ᠠᠬᠤᠶᠢᠯᠠᠯ ᠳᠤ ᠬᠤᠯᠪᠣᠭᠳᠠᠬᠤ | ᠲᠣᠭᠲᠠᠮᠠᠯ ᠬᠥᠷᠥᠩᠭᠡ᠂ ᠠᠵᠤ ᠠᠬᠤᠶᠢᠯᠠᠯ ᠢ ᠬᠦᠴᠦᠨ ᠦᠭᠡᠢ ᠪᠣᠯᠭᠠᠬᠤ ᠵᠡᠷᠭᠡ 13 ᠵᠦᠢᠯ ᠤᠨ ᠭᠦᠢᠴᠡᠳᠬᠡᠬᠦ ᠨᠣᠷᠮ᠎ᠠ | ᠨᠢ ᠥᠨᠳᠥᠷ ᠠᠵᠢᠯ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠨᠠᠷᠢᠯᠢᠭ ᠣᠨᠣᠪᠴᠢᠲᠠᠢ ᠠᠬᠢᠭᠤᠯᠪᠠ᠃ ︽ | ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠠᠴᠠ ᠡᠮᠦᠨᠡᠬᠢ ᠲᠠᠢ ᠬᠠᠷᠢᠴᠠᠭᠤᠯᠪᠠᠯ᠂ ᠠᠵᠢᠯ | ᠶᠠᠪᠤᠳᠠᠯ ᠢ ᠭᠦᠢᠴᠡᠳᠬᠡᠬᠦ ᠳᠤ ᠬᠡᠷᠡᠭᠰᠡᠬᠦ ᠮᠠᠲ᠋ᠧᠷᠢᠶᠠᠯ ᠢ 40% ᠪᠠᠷ ᠪᠠᠭᠠᠰᠬᠠᠵᠤ᠂ ᠭᠦᠢᠴᠡᠳᠬᠡᠬᠦ ᠭᠤᠭᠴᠤᠭ᠎ᠠ ᠶᠢ | 50% ᠪᠠᠷ ᠪᠠᠭᠠᠰᠬᠠᠵᠤ᠂ ᠭᠦᠢᠴᠡᠳᠬᠡᠬᠦ ᠴᠠᠭ ᠢ 51% ᠪᠠᠷ ᠲᠦᠷᠭᠡᠳᠬᠡᠵᠦ᠂ ᠶᠠᠪᠤᠵᠤ ᠰᠠᠭᠤᠬᠤ ᠤᠳᠠᠭ᠎ᠠ ᠶᠢ | 75% ᠪᠠᠷ ᠪᠠᠭᠠᠰᠬᠠᠬᠤ ᠶᠢᠨ ᠬᠠᠮᠲᠤ᠂ ᠪᠥᠬᠦ ᠠᠶᠢᠮᠠᠭ ᠤᠨ ᠠᠩᠬ᠎ᠠ ᠤᠳᠠᠭ᠎ᠠ ᠭᠥᠯᠢᠶᠡᠨ ᠠᠪᠴᠤ ᠭᠦᠢᠴᠡᠳᠬᠡᠬᠦ᠂ | ᠵᠥᠪᠳᠡᠯᠴᠡᠬᠦ᠂ ᠬᠠᠮᠲᠤᠷᠠᠨ ᠬᠢᠨᠠᠬᠤ ᠭᠤᠷᠪᠠᠨ ᠲᠣᠭᠤᠷᠢᠭ ᠤᠨ ᠬᠤᠯᠪᠤᠭᠠᠯᠠᠨ ᠬᠥᠳᠡᠯᠦᠯᠴᠡᠬᠦ ᠬᠡᠯᠬᠢᠶ᠎ᠡ ᠦᠢᠯᠡᠴᠢᠯᠡᠭᠡᠨ ᠤ ︽ | ᠮᠥᠩᠬᠡ ᠰᠤᠪᠠᠭ · ᠲᠠᠨ ᠳᠤ ᠬᠠᠪᠰᠤᠷᠤᠨ ᠭᠦᠢᠴᠡᠳᠬᠡᠬᠦ︾ ᠨᠢᠭᠡ ᠥᠷᠲᠡᠭᠡᠴᠢᠯᠡᠭᠰᠡᠨ ᠮᠠᠶ᠋ᠢᠭ ᠤᠨ ᠦᠢᠯᠡᠴᠢᠯᠡᠭᠡᠨ ᠤ | ᠠᠵᠢᠯ ᠤᠨ ᠥᠷᠲᠡᠭᠡ ᠶᠢ ᠪᠠᠶᠢᠭᠤᠯᠬᠤ ᠶᠢᠨ ᠬᠠᠮᠲᠤ ︽ᠵᠠᠰᠠᠭ ᠪᠠᠩᠬᠢ ᠬᠠᠮᠲᠤᠷᠠᠯᠴᠠᠬᠤ︾ ᠶᠢ ᠬᠡᠷᠡᠭᠵᠢᠭᠦᠯᠵᠦ᠂ ᠠᠵᠤ | ᠠᠬᠤᠶᠢᠯᠠᠯ ᠳᠤ ᠪᠥᠬᠦ ᠶᠠᠪᠤᠴᠠ ᠶᠢᠨ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠵᠠᠢ᠃ ᠣᠳᠣᠬᠠᠨ ᠳᠤ ︽ᠲᠠᠨ ᠳᠤ | ᠬᠠᠪᠰᠤᠷᠤᠨ ᠭᠦᠢᠴᠡᠳᠬᠡᠬᠦ︾ ᠵᠦᠢᠯᠡᠰ ᠢ 40 ᠵᠦᠢᠯ ᠪᠣᠯᠭᠠᠨ ᠥᠷᠭᠡᠳᠬᠡᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ | ᠡᠯ᠎ᠡ ᠭᠤᠭᠴᠤᠭ᠎ᠠ ᠶᠢᠨ ᠴᠠᠭ ᠤᠨ ᠬᠢᠵᠠᠭᠠᠷ ᠢ ᠵᠥᠪᠬᠡᠨ 25 ᠡᠳᠦᠷ ᠪᠣᠯᠭᠠᠭᠰᠠᠨ ᠪᠠᠶᠢᠨ᠎ᠠ᠃ | ᠠᠷᠠᠳ ᠤᠨ ᠠᠮᠢᠳᠤᠷᠠᠯ ᠤᠨ ᠶᠡᠭᠡ ᠪᠠᠭ᠎ᠠ ᠶᠠᠪᠤᠳᠠᠯ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠲᠣᠣᠷ︾ | ᠢ ᠨᠢᠭᠲᠠ ᠰᠦᠯᠵᠢᠬᠦ ᠠᠴᠠ ᠰᠠᠯᠵᠤ ᠴᠢᠳᠠᠬᠤ ᠦᠭᠡᠢ ᠶᠤᠮ᠃ 2024 ᠣᠨ ᠳᠤ᠂ ᠪᠠᠷᠠᠭᠤᠨ ᠦᠵᠦᠮᠦᠴᠢᠨ | ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ︽ᠥᠨᠳᠥᠷ ᠪᠦᠲᠦᠮᠵᠢᠲᠡᠶ ᠪᠠᠷ ᠠᠵᠢᠯ ᠶᠠᠪᠤᠳᠠᠯ ᠢ ᠬᠦᠢᠴᠡᠳᠭᠡᠬᠦ︾ | ᠶᠢ ᠦᠷᠭᠦᠯᠵᠢᠯᠡᠨ ᠠᠬᠢᠭᠤᠯᠬᠤ ᠪᠠᠷ ᠬᠥᠲᠥᠯᠥᠮᠵᠢ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠪᠠᠭ᠎ᠠ ᠶᠠᠪᠤᠳᠠᠯ︾ | ᠢ ᠥᠨᠳᠥᠷ ᠪᠦᠲᠦᠮᠵᠢᠲᠡᠶ ᠪᠠᠷ ᠰᠠᠶᠢᠲᠤᠷ ᠭᠦᠢᠴᠡᠳᠬᠡᠬᠦ ᠪᠠᠷ ᠴᠢᠷᠮᠠᠶᠢᠵᠤ᠂ ᠠᠷᠠᠳ ᠲᠦᠮᠡᠨ ᠢᠶᠠᠷ ᠭᠤᠣᠯ ᠪᠣᠯᠭᠠᠵᠤ᠂ | ᠠᠷᠠᠳ ᠲᠦᠮᠡᠨ ᠳᠤ ᠦᠢᠯᠡᠴᠢᠯᠡᠬᠦ ︽ᠶᠡᠭᠡ ᠬᠠᠷᠠᠯᠲᠠ︾ ᠶᠢ ᠪᠡᠶᠡᠯᠡᠭᠦᠯᠦᠨ᠎ᠡ᠃ | |