ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ ᠪᠤᠯᠭᠠᠬᠤ ᠲᠤᠬᠠᠢ ᠲᠣᠭᠲᠠᠭᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
ᠨᠡᠶᠢᠲᠡᠯᠡᠭᠰᠡᠨ ᠴᠠᠭ᠄
2024/4/15
                   247 ᠳ᠋ᠤᠭᠠᠷ ᠲᠣᠭᠠᠲᠤ     ︽ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠬᠤ ᠲᠤᠬᠠᠢ ᠲᠣᠭᠲᠠᠭᠠᠯ︾ ᠢ 2020 ᠣᠨ ᠤ 9 ᠳ᠋ᠦ᠋ᠭᠡᠷ ᠰᠠᠷ᠎ᠠ ᠶᠢᠨ 3 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 21 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠦᠴᠦᠨ ᠲᠠᠢ ᠪᠣᠯᠣᠨ᠎ᠠ᠃                                                     ᠥᠪᠡᠷᠲᠡᠭᠡᠨ ᠵᠠᠰᠠᠬᠤ ᠣᠷᠣᠨ ᠤ ᠲᠡᠷᠢᠭᠦᠯᠦᠭᠴᠢ   ᠪᠦ᠋ ᠰᠢᠶᠣᠣ ᠯᠢᠨ                  2020 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ      ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ ᠢ ᠬᠠᠮᠠᠭᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠢᠯᠭᠠᠷᠠᠭᠤᠯᠬᠤ ᠠᠵᠢᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠲᠣᠭᠲᠠᠭᠠᠯ ᠳᠦᠷᠢᠮ ᠢ ᠢᠯᠭᠠᠷᠠᠭᠤᠯᠪᠠ᠃ ᠢᠯᠭᠠᠷᠠᠭᠤᠯᠬᠤ ᠪᠠᠷ ᠳᠠᠮᠵᠢᠭᠠᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠬᠤ ᠪᠠᠷ ᠲᠣᠭᠲᠠᠭᠠᠪᠠ᠃     ᠲᠤᠰ ᠲᠣᠭᠲᠠᠭᠠᠯ ᠨᠡᠶᠢᠲᠡᠯᠡᠭᠳᠡᠭᠰᠡᠨ ᠡᠳᠦᠷ ᠠᠴᠠ ᠡᠬᠢᠯᠡᠵᠦ ᠬᠦᠴᠦᠨ ᠲᠠᠢ ᠪᠣᠯᠣᠨ᠎ᠠ᠃     ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ      ᠳᠠᠭᠠᠯᠳᠤᠭᠤᠯᠤᠯ     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ     ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢᠨ ᠬᠢᠨᠠᠨ ᠪᠠᠶᠢᠴᠠᠭᠠᠯᠲᠠ ᠶᠢᠨ ᠠᠷᠭ᠎ᠠ︾ ︵1992 ᠣᠨ ᠤ 6 ᠳ᠋ᠤᠭᠠᠷ ᠰᠠᠷ᠎ᠠ ᠶᠢᠨ 13 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 42 ᠳ᠋ᠤᠭᠠᠷ ᠲᠣᠭᠠᠲᠤ ᠪᠠᠷ ᠨᠡᠶᠢᠲᠡᠯᠡᠪᠡ᠂ 2010 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠤᠨ ︽ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠣᠭᠤᠯᠪᠠ︶᠃    ᠬᠤᠶᠠᠷ᠂ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠢ ᠪᠠᠶᠠᠯᠢᠭ ᠤᠨ ᠭᠠᠶᠢᠯᠢ ᠶᠢᠨ ᠲᠦᠷ ᠬᠡᠷᠡᠭᠵᠢᠭᠦᠯᠬᠦ ᠳᠦᠷᠢᠮ﹀ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ︾ ︵2013 ᠣᠨ ᠤ 6 ᠳ᠋ᠤᠭᠠᠷ ᠰᠠᠷ᠎ᠠ ᠶᠢᠨ 6 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 196 ᠳ᠋ᠤᠭᠠᠷ ᠲᠣᠭᠠᠲᠤ ᠪᠠᠷ ᠨᠡᠶᠢᠲᠡᠯᠡᠪᠡ︶᠃    ᠭᠤᠷᠪᠠ᠂ ︽ᠬᠦᠨᠳᠦ ᠶᠡᠭᠡ ᠠᠮᠤᠷ ᠲᠦᠪᠰᠢᠨ ᠤ ᠠᠳᠡᠯ ᠤᠨ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠨᠡᠬᠡᠮᠵᠢᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ︾ ︵2001 ᠣᠨ ᠤ 10 ᠳ᠋ᠤᠭᠠᠷ ᠰᠠᠷ᠎ᠠ ᠶᠢᠨ 19 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 114 ᠳ᠋ᠦ᠋ᠭᠡᠷ ᠲᠣᠭᠠᠲᠤ ᠪᠠᠷ ᠨᠡᠶᠢᠲᠡᠯᠡᠪᠡ︶᠃    ᠳᠥᠷᠪᠡ᠂  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨ ᠠᠶᠤᠯ ᠲᠦᠭᠰᠢᠭᠦᠷᠢ ᠶᠡᠬᠡᠲᠡᠢ ᠨᠢᠭᠡᠴᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ︵2014 ᠣᠨ ᠤ 4 ᠳ᠋ᠦ᠋ᠭᠡᠷ ᠰᠠᠷ᠎ᠠ ᠶᠢᠨ 11 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 201 ᠳ᠋ᠦ᠋ᠭᠡᠷ ᠲᠣᠭᠠᠲᠤ ᠪᠠᠷ ᠨᠡᠶᠢᠲᠡᠯᠡᠪᠡ︶᠃
 
ᠢᠷᠡᠯᠲᠡ᠄ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号