ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩ᠊ᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/4/15
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠶᠡᠷᠦᠩᠬᠡᠢ ᠱᠦᠵᠢ ᠰᠢ  ᠶᠢᠨ ᠫᠢᠩ ᠤᠨ ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠦᠨᠡᠨ ᠬᠦ ᠠᠳᠬᠤᠵᠤ ᠦᠷ᠎ᠡ ᠪᠦᠲᠦᠭᠡᠮᠵᠢ ᠭᠠᠷᠭᠠᠬᠤ ᠪᠠ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠦᠷ᠎ᠡ ᠡᠭᠦᠯᠳᠡᠷ ᠤᠨ ᠦᠢᠯᠡᠰ ᠤᠨ ᠠᠵᠢᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠪᠣᠳᠠᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠦᠷ᠎ᠡ ᠡᠭᠦᠯᠳᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠪᠴᠢᠯᠡᠨ ᠠᠬᠢᠭᠤᠯᠵᠤ᠂ ︽ᠦᠷ᠎ᠡ ᠡᠭᠦᠯᠳᠡᠷ ᠢ ᠬᠠᠮᠠᠭᠠᠯᠠᠬᠤ᠂ ᠦᠷ᠎ᠡ ᠡᠭᠦᠯᠳᠡᠷ ᠪᠣᠶᠢᠵᠢᠭᠤᠯᠬᠤ᠂ ᠰᠠᠶᠢᠨ ᠦᠷ᠎ᠡ ᠪᠣᠶᠢᠵᠢᠭᠤᠯᠬᠤ᠂ ᠦᠷ᠎ᠡ ᠡᠭᠦᠯᠳᠡᠷ ᠢ ᠬᠡᠷᠡᠭᠯᠡᠬᠦ︾ 4 ᠵᠠᠩᠭᠢᠯᠠᠭ᠎ᠠ ᠶᠢᠨ ᠭᠤᠭᠴᠤᠭ᠎ᠠ ᠶᠢ ᠲᠣᠪᠤᠶᠢᠯᠭᠠᠨ᠂ ︽ᠭᠠᠵᠠᠷ ᠰᠢᠷᠣᠢ᠂ ᠤᠰᠤ᠂ ᠦᠷ᠎ᠡ ᠡᠭᠦᠯᠳᠡᠷ᠂ ᠠᠮᠤ ᠪᠤᠳᠠᠭ᠎ᠠ᠂ ᠮᠢᠬ᠎ᠠ᠂ ᠰᠦ︾ 6 ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠡᠵᠡᠮᠳᠡᠵᠦ᠂ ᠦᠷ᠎ᠡ ᠡᠭᠦᠯᠳᠡᠷ ᠤᠨ ᠦᠢᠯᠡᠰ ᠤᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠠᠵᠤ ᠠᠬᠤᠶᠢᠯᠠᠯ᠂ ᠰᠤᠳᠤᠯᠤᠨ ᠨᠡᠭᠡᠭᠡᠬᠦ ᠪᠠᠶᠢᠭᠤᠯᠤᠮᠵᠢ᠂ ᠲᠠᠷᠢᠶᠠᠯᠠᠬᠤ ᠮᠠᠯᠵᠢᠬᠤ ᠡᠷᠦᠬᠡ ᠶᠢᠨ ᠰᠠᠭᠠᠳ ᠦᠭᠡᠢ ᠵᠣᠯᠭᠠᠬᠤ ᠪᠠ ᠨᠢᠭᠲᠠ ᠬᠠᠮᠲᠤᠷᠠᠯᠴᠠᠬᠤ ᠶᠢ ᠠᠬᠢᠭᠤᠯᠤᠨ᠂ ᠦᠷ᠎ᠡ ᠡᠭᠦᠯᠳᠡᠷ ᠤᠨ ᠦᠢᠯᠡᠰ ᠤᠨ ᠡᠯ᠎ᠡ ᠭᠤᠣᠯ ᠴᠣᠭᠴᠠ᠂ ᠡᠯ᠎ᠡ ᠭᠤᠭᠴᠣᠭᠠᠨ ᠤ ᠬᠦᠴᠦ ᠶᠢ ᠬᠠᠮᠲᠤᠳᠬᠠᠨ ᠪᠥᠬᠦ ᠬᠡᠯᠬᠢᠶ᠎ᠡ ᠪᠠᠷ ᠬᠥᠭᠵᠢᠬᠦ ᠶᠢ ᠠᠬᠢᠭᠤᠯᠵᠤ᠂ ᠨᠡᠩ ᠣᠯᠠᠨ ᠰᠠᠶᠢᠨ ᠦᠷ᠎ᠡ ᠡᠭᠦᠯᠳᠡᠷ ᠢ ᠪᠣᠶᠢᠵᠢᠭᠤᠯᠤᠨ ᠦᠷᠡᠵᠢᠭᠦᠯᠵᠦ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠬᠦᠴᠦᠲᠦ ᠲᠤᠯᠭᠠᠭᠤᠷᠢᠯᠠᠯ ᠬᠠᠩᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠬᠢᠨᠠᠨ ᠲᠣᠭᠲᠠᠭᠠᠬᠤ ᠶᠢ ᠠᠳᠬᠤᠨ ᠬᠠᠮᠲᠤ ᠪᠠᠷ ᠬᠦᠷᠲᠡᠬᠦ ᠶᠢ ᠠᠬᠢᠭᠤᠯᠵᠤ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠵᠤ ᠠᠰᠢᠭᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ     ︵ᠨᠢᠭᠡ︶ ᠲᠠᠷᠢᠮᠠᠯ ᠤᠨ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠬᠤ ᠪᠠ ᠬᠢᠨᠠᠨ ᠲᠣᠭᠲᠠᠭᠠᠵᠤ ᠦᠨᠡᠯᠡᠬᠦ ᠠᠵᠢᠯ ᠢ ᠥᠷᠨᠢᠭᠦᠯᠦᠨ᠎ᠡ᠃ ᠡᠭᠦᠯᠳᠡᠷ ᠪᠣᠶᠢᠵᠢᠭᠤᠯᠬᠤ ᠶᠢ ᠲᠤᠯᠭᠠᠮ ᠱᠠᠭᠠᠷᠳᠠᠭᠳᠠᠵᠤ ᠪᠦᠬᠦᠢ ᠲᠠᠷᠢᠮᠠᠯ ᠤᠨ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠵᠤ᠂ ᠣᠳᠣ ᠪᠠᠶᠢᠭ᠎ᠠ ᠪᠥᠭᠡᠳ ᠦᠷ᠎ᠡ ᠡᠭᠦᠯᠳᠡᠷ ᠪᠣᠶᠢᠵᠢᠭᠤᠯᠬᠤ ᠯᠤᠭ᠎ᠠ ᠨᠢᠭᠲᠠ ᠬᠤᠯᠪᠣᠭᠳᠠᠬᠤ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠨᠠᠷᠠᠨ ᠬᠤᠸᠠᠷ᠂ ᠨᠠᠷᠢᠮᠤ᠂ ᠨᠣᠬᠠᠢ ᠶᠢᠨ ᠬᠤᠰᠢᠭᠤ ᠵᠡᠷᠭᠡ ᠦᠷ᠎ᠡ ᠡᠳ᠋ ᠤᠨ ᠡᠬᠢ ᠪᠠᠶᠠᠯᠢᠭ ᠲᠤ ᠲᠠᠷᠢᠶᠠᠨ ᠭᠠᠵᠠᠷ ᠤᠨ ᠰᠢᠨᠵᠢ ᠲᠥᠷᠬᠦ᠂ ᠰᠥᠷᠬᠦ ᠶᠢ ᠳᠠᠭᠠᠭᠠᠬᠤ ᠴᠢᠨᠠᠷ ᠪᠠ ᠵᠠᠩᠭᠢᠯᠠᠭ᠎ᠠ ᠶᠢᠨ ᠭᠧᠨ ᠤ ᠬᠢᠨᠠᠨ ᠲᠣᠭᠲᠠᠭᠠᠯᠲᠠ ᠬᠢᠨ᠎ᠡ᠃ ᠥᠪᠡᠷᠲᠡᠭᠡᠨ ᠵᠠᠰᠠᠬᠤ ᠣᠷᠣᠨ ᠠᠴᠠ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠬᠤ᠂ ᠬᠢᠨᠠᠨ ᠲᠣᠭᠲᠠᠭᠠᠵᠤ ᠦᠨᠡᠯᠡᠬᠦ ᠮᠡᠷᠭᠡᠵᠢᠯ ᠤᠨ ᠪᠠᠷᠢᠮᠵᠢᠶ᠎ᠠ᠂ ᠳᠦᠷᠢᠮᠯᠡᠯ ᠵᠡᠷᠭᠡ ᠶᠢ ᠲᠣᠭᠲᠠᠭᠠᠵᠤ᠂ ᠵᠢᠯ ᠪᠦᠷᠢ ᠳᠤ ᠦᠷ᠎ᠡ ᠡᠳ᠋ ᠤᠨ ᠡᠬᠢ ᠪᠠᠶᠠᠯᠢᠭ ᠢ 2000 ᠬᠤᠪᠢ ᠠᠴᠠ ᠳᠤᠲᠠᠭᠤ ᠦᠭᠡᠢ ᠬᠢᠨᠠᠨ ᠲᠣᠭᠲᠠᠭᠠᠨ ᠦᠨᠡᠯᠡᠵᠦ᠂ ᠦᠷ᠎ᠡ ᠡᠭᠦᠯᠳᠡᠷ ᠪᠣᠶᠢᠵᠢᠭᠤᠯᠬᠤ ᠲᠠᠯ᠎ᠠ ᠶᠢᠨ ᠰᠢᠨ᠎ᠡ ᠡᠭᠦᠳᠦᠯᠲᠡ ᠳᠤ ᠣᠨᠴᠠ ᠰᠠᠶᠢᠨ ᠦᠷ᠎ᠡ ᠡᠳ᠋ ᠤᠨ ᠳᠡᠮᠵᠢᠯᠭᠡ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠳᠣᠣᠷᠠᠬᠢ ᠡᠯ᠎ᠡ ᠵᠦᠢᠯ ᠤᠨ ᠡᠭᠦᠷᠭᠡ ᠶᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠨᠠᠶᠢᠳᠠᠪᠤᠷᠢᠵᠢᠭᠤᠯᠬᠤ ᠴᠢᠬᠤᠯᠠᠲᠠᠢ ᠪᠣᠯᠬᠤᠷ ᠳᠠᠬᠢᠵᠤ ᠵᠢᠭᠰᠠᠭᠠᠬᠤ ᠦᠭᠡᠢ︶     ︵ᠬᠤᠶᠠᠷ︶ ᠮᠠᠯ ᠵᠢᠭᠦᠷᠲᠡᠨ ᠤ ᠦᠷ᠎ᠡ ᠡᠭᠦᠯᠳᠡᠷ ᠢ ᠬᠠᠮᠠᠭᠠᠯᠠᠬᠤ ᠪᠠ ᠤᠳᠤᠮᠯᠠᠯ ᠤᠨ ᠮᠠᠲ᠋ᠧᠷᠢᠶᠠᠯ ᠢ ᠴᠤᠭᠯᠠᠭᠤᠯᠵᠤ ᠬᠢᠨᠠᠨ ᠲᠣᠭᠲᠠᠭᠠᠬᠤ ᠠᠵᠢᠯ ᠢ ᠥᠷᠨᠢᠭᠦᠯᠦᠨ᠎ᠡ᠃ ᠮᠠᠭᠠᠳᠯᠠᠨ ᠲᠣᠭᠲᠠᠭᠠᠭᠳᠠᠭᠰᠠᠨ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠦᠷ᠎ᠡ ᠡᠭᠦᠯᠳᠡᠷ ᠬᠠᠮᠠᠭᠠᠯᠠᠬᠤ ᠲᠠᠯᠠᠪᠠᠢ ︵ᠲᠣᠭᠤᠷᠢᠭ︶ ᠠᠴᠠ ᠥᠪᠡᠷᠮᠢᠴᠡ ᠣᠨᠴᠠᠯᠢᠭ ᠲᠠᠢ᠂ ᠬᠤᠪᠣᠷ ᠴᠤᠬᠠᠭ᠂ ᠮᠥᠬᠦᠬᠦ ᠰᠢᠬᠠᠭᠰᠠᠨ ᠨᠤᠲᠤᠭ ᠤᠨ ᠦᠷ᠎ᠡ ᠡᠭᠦᠯᠳᠡᠷ ᠲᠤ ᠠᠮᠢᠳᠤ ᠪᠡᠶᠡᠲᠦ ᠶᠢᠨ ᠬᠠᠮᠠᠭᠠᠯᠠᠯᠲᠠ ᠬᠢᠬᠦ ᠶᠢ ᠲᠡᠮᠵᠢᠵᠦ᠂ ᠮᠣᠩᠭᠤᠯ ᠦᠬᠡᠷ᠂ ᠮᠣᠩᠭᠤᠯ ᠮᠣᠷᠢ᠂ ᠬᠤᠣᠰ ᠪᠥᠬᠦᠲᠦ ᠲᠡᠮᠡᠭᠡ᠂ ᠪᠣᠷᠣᠳᠣᠬᠤᠢ ᠶᠢᠨ ᠳᠡᠯᠳᠡᠦ ᠭᠠᠭ᠋ᠠᠢ ᠵᠡᠷᠭᠡ ᠳᠤ 80 ᠲᠦᠮᠡᠨ ᠲᠥᠭᠦᠷᠢᠭ᠂ ᠮᠣᠩᠭᠤᠯ ᠬᠤᠨᠢ ᠢᠮᠠᠭ᠎ᠠ᠂ ᠨᠣᠣᠯᠣᠭᠤᠷ ᠤᠨ ᠢᠮᠠᠭ᠎ᠠ᠂ ᠴᠠ ᠪᠤᠭᠤ ᠵᠡᠷᠭᠡ ᠳᠤ 40 ᠲᠦᠮᠡᠨ ᠲᠥᠭᠦᠷᠢᠭ᠂ ᠪᠢᠶᠠᠨᠵᠢ ᠲᠠᠬᠢᠶ᠎ᠠ᠂ ᠵᠥᠭᠡᠢ᠂ ᠬᠦᠷᠢ ᠵᠡᠷᠭᠡ ᠳᠤ 20 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ ᠤᠳᠤᠮᠯᠠᠯ ᠤᠨ ᠮᠠᠲ᠋ᠧᠷᠢᠶᠠᠯ ᠢ ᠴᠤᠭᠯᠠᠭᠤᠯᠤᠨ ᠨᠠᠶᠢᠷᠠᠭᠤᠯᠬᠤ ᠪᠠ ᠭᠧᠨ ᠢ ᠢᠯᠡᠷᠡᠭᠦᠯᠦᠨ ᠬᠢᠨᠠᠨ ᠲᠣᠭᠲᠠᠭᠠᠬᠤ ᠠᠵᠢᠯ ᠥᠷᠨᠢᠭᠦᠯᠬᠦ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠭᠤᠷᠪᠠ︶ ᠥᠪᠡᠷᠲᠡᠭᠡᠨ ᠵᠠᠰᠠᠬᠤ ᠣᠷᠣᠨ ᠤ ᠦᠷ᠎ᠡ ᠡᠳ᠋ ᠤᠨ ᠡᠬᠢ ᠪᠠᠶᠠᠯᠢᠭ ᠤᠨ ᠲᠣᠭᠠᠵᠢᠭᠤᠯᠤᠭᠰᠠᠨ ᠬᠥᠮᠥᠷᠭᠡ ᠶᠢ ᠪᠠᠶᠢᠭᠤᠯᠤᠨ᠎ᠠ᠃ ᠦᠷ᠎ᠡ ᠡᠳ᠋ ᠤᠨ ᠡᠬᠢ ᠪᠠᠶᠠᠯᠢᠭ ᠢ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠬᠥᠮᠥᠷᠭᠡ ᠶᠢ ᠬᠠᠮᠲᠤ ᠪᠠᠷ ᠪᠠᠶᠢᠭᠤᠯᠵᠤ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠴᠤᠭᠯᠠᠭᠤᠯᠤᠭᠰᠠᠨ᠂ ᠬᠢᠨᠠᠨ ᠲᠣᠭᠲᠠᠭᠠᠵᠤ ᠦᠨᠡᠯᠡᠭᠰᠡᠨ ᠦᠷ᠎ᠡ ᠡᠳ᠋ ᠤᠨ ᠡᠬᠢ ᠪᠠᠶᠠᠯᠢᠭ ᠤᠨ ᠲᠤᠭ᠎ᠠ ᠪᠠᠷᠢᠮᠲᠠ ᠪᠥᠬᠦᠨ ᠢ ᠨᠢᠭᠡᠳᠦᠯᠲᠡᠢ ᠦᠷ᠎ᠡ ᠡᠳ᠋ ᠤᠨ ᠡᠬᠢ ᠪᠠᠶᠠᠯᠢᠭ ᠤᠨ ᠲᠣᠭᠠᠵᠢᠭᠤᠯᠤᠭᠰᠠᠨ ᠬᠥᠮᠥᠷᠭᠡ ᠳᠤ ᠰᠢᠩᠭᠡᠬᠡᠨ ᠣᠷᠣᠭᠤᠯᠵᠤ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠠᠴᠠ ᠣᠳᠣ ᠪᠠᠶᠢᠭ᠎ᠠ ᠦᠷ᠎ᠡ ᠡᠳ᠋ ᠤᠨ ᠡᠬᠢ ᠪᠠᠶᠠᠯᠢᠭ ᠤᠨ ᠮᠡᠳᠡᠭᠡ ᠵᠠᠩᠭᠢ ᠶᠢ ᠲᠠᠪᠴᠠᠩ ᠳᠤ ᠰᠢᠩᠭᠡᠬᠡᠨ ᠣᠷᠣᠭᠤᠯᠬᠤ ᠶᠢ ᠵᠣᠷᠢᠭᠵᠢᠭᠤᠯᠵᠤ᠂ ︽ᠨᠢᠭᠡ ᠵᠦᠢᠯ ᠤᠨ ᠡᠬᠢ ᠪᠠᠶᠠᠯᠢᠭ ᠲᠤ ᠨᠢᠭᠡᠨ ᠪᠡᠶ᠎ᠡ ᠶᠢᠨ ᠭᠠᠷᠤᠯ ᠲᠠᠢ ᠪᠠᠶᠢᠬᠤ︾ ᠶᠢ ᠪᠡᠶᠡᠯᠡᠭᠦᠯᠦᠨ᠎ᠡ᠃ ᠦᠷ᠎ᠡ ᠡᠳ᠋ ᠤᠨ ᠡᠬᠢ ᠪᠠᠶᠠᠯᠢᠭ ᠢ ᠬᠠᠮᠲᠤ ᠪᠠᠷ ᠬᠦᠷᠲᠡᠵᠦ ᠠᠰᠢᠭᠯᠠᠬᠤ ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠢ ᠬᠠᠮᠲᠤ ᠪᠠᠷ ᠬᠦᠷᠲᠡᠵᠦ ᠠᠰᠢᠭᠯᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠂ ᠦᠷ᠎ᠡ ᠡᠳ᠋ ᠤᠨ ᠡᠬᠢ ᠪᠠᠶᠠᠯᠢᠭ ᠤᠨ ᠢᠯᠡ ᠪᠠᠷ ᠠᠷᠠᠯᠵᠢᠶᠠᠯᠠᠬᠤ ᠶᠢ ᠠᠬᠢᠭᠤᠯᠵᠤ᠂ ᠰᠣᠯᠢᠯᠴᠠᠬᠤ᠂ ᠰᠢᠯᠵᠢᠭᠦᠯᠦᠨ ᠥᠭᠬᠦ᠂ ᠵᠥᠪᠰᠢᠶᠡᠷᠡᠬᠦ᠂ ᠦᠨ᠎ᠡ ᠬᠠᠩᠰᠢ ᠲᠣᠭᠲᠠᠭᠠᠵᠤ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠬᠠᠮᠲᠤ ᠪᠠᠷ ᠬᠦᠷᠲᠡᠵᠦ ᠠᠰᠢᠭᠯᠠᠬᠤ ᠶᠢ ᠵᠣᠷᠢᠭᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠮᠠᠭᠠᠳᠯᠠᠨ ᠲᠣᠭᠲᠠᠭᠠᠭᠰᠠᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠵᠢᠯ ᠪᠦᠷᠢ ᠬᠤᠪᠢᠶᠠᠨ ᠲᠠᠷᠬᠠᠭᠠᠬᠤ ᠪᠤᠶᠤ ᠰᠣᠯᠢᠯᠴᠠᠬᠤ ᠡᠬᠢ ᠪᠠᠶᠠᠯᠢᠭ ᠢ 50 ᠬᠤᠪᠢ ᠠᠴᠠ ᠳᠣᠣᠷᠠᠳᠠᠬᠤ ᠦᠭᠡᠢ ᠪᠠᠶᠢᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ᠬᠤᠶᠠᠷ᠂ ᠳᠠᠪᠠᠭᠤᠯᠢᠭ ᠢᠶᠠᠨ ᠳᠠᠪᠲᠠᠵᠤ ᠳᠤᠲᠠᠭᠤᠳᠠᠯ ᠢᠶᠠᠨ ᠨᠥᠬᠦᠪᠦᠷᠢᠯᠡᠨ᠂ ᠲᠣᠭᠲᠠᠭᠤᠨ ᠪᠥᠭᠡᠳ ᠥᠨᠳᠥᠷ ᠪᠦᠲᠦᠮᠵᠢᠲᠡᠢ ᠣᠳᠣ ᠦᠶ᠎ᠡ ᠶᠢᠨ ᠦᠷ᠎ᠡ ᠡᠭᠦᠯᠳᠡᠷ ᠪᠣᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠤᠨ᠎ᠠ   ︵ᠳᠥᠷᠪᠡ︶ ᠰᠢᠯᠢᠳᠡᠭ ᠠᠵᠤ ᠠᠬᠤᠶᠢᠯᠠᠯ ᠢ ᠲᠡᠳᠬᠦᠬᠦ ᠠᠵᠢᠯᠯᠠᠭᠠᠨ ᠢ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠭᠤᠣᠯ ᠴᠣᠭᠴᠠ ᠶᠢᠨ ᠴᠢᠳᠠᠮᠵᠢ ᠶᠢ ᠴᠢᠩᠭᠠᠷᠠᠭᠤᠯᠵᠤ᠂ ᠬᠥᠲᠥᠴᠢ ᠠᠵᠤ ᠠᠬᠤᠶᠢᠯᠠᠯ ᠤᠨ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠬᠤ ᠪᠠ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠥᠷᠨᠢᠭᠦᠯᠬᠦ ᠶᠢ ᠳᠡᠮᠵᠢᠨ᠎ᠡ᠃ ᠤᠯᠤᠰ ᠤᠨ ᠦᠷ᠎ᠡ ᠡᠭᠦᠯᠳᠡᠷ ᠤᠨ ᠦᠢᠯᠡᠰ ᠤᠨ ᠵᠢᠭᠰᠠᠭᠠᠯ ᠤᠨ ᠬᠡᠯᠪᠡᠷᠢ ᠪᠦᠬᠦᠢ ᠠᠵᠤ ᠠᠬᠤᠶᠢᠯᠠᠯ ᠤᠨ ︽ᠨᠢᠭᠡ ᠳᠤ ᠨᠢᠭᠡ ᠶᠢ ᠴᠢᠭᠯᠡᠭᠦᠯᠬᠦ︾ ᠬᠠᠷᠢᠯᠴᠠᠬᠤ ᠲᠣᠭᠲᠠᠴᠠ ᠶᠢ ᠪᠠᠶᠢᠭᠤᠯᠵᠤ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠱᠠᠲᠤᠯᠢᠭ ᠪᠤᠶᠢᠵᠢᠯᠲᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠦᠷ᠎ᠡ ᠡᠭᠦᠯᠳᠡᠷ ᠤᠨ ᠦᠢᠯᠡᠰ ᠤᠨ ᠠᠵᠤ ᠠᠬᠤᠶᠢᠯᠠᠯ ᠤᠨ ᠬᠢᠯᠢ ᠶᠢᠨ ᠳᠣᠲᠣᠭᠠᠳᠤ ᠳᠤ ᠵᠠᠬ᠎ᠠ ᠳᠤ ᠭᠠᠷᠬᠤ ᠶᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠤ ᠭᠠᠷᠴᠤ ᠫᠠᠶᠢᠰᠠ ᠡᠯᠭᠦᠬᠦ ᠳᠤ ᠱᠠᠩᠨᠠᠨ ᠨᠥᠬᠦᠪᠦᠷᠢᠯᠡᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠤᠨ ᠦᠷ᠎ᠡ ᠡᠭᠦᠯᠳᠡᠷ ᠤᠨ ᠦᠢᠯᠡᠰ ᠤᠨ ᠵᠢᠭᠰᠠᠭᠠᠯ ᠤᠨ ᠬᠡᠯᠪᠡᠷᠢ ᠪᠦᠬᠦᠢ ᠠᠵᠤ ᠠᠬᠤᠶᠢᠯᠠᠯ᠂ ᠳᠤᠮᠳᠠᠳᠤ ᠤᠯᠤᠰ ᠤᠨ ᠦᠷ᠎ᠡ ᠶᠢᠨ ᠠᠵᠢᠯ ᠲᠥᠷᠥᠯ ᠤᠨ ᠨᠡᠶᠢᠭᠡᠮᠯᠢᠭ ᠤᠨ ᠥᠷᠨᠢᠭᠦᠯᠦᠭᠰᠡᠨ ᠢᠲᠡᠭᠡᠮᠵᠢ ᠶᠢᠨ ᠦᠨᠡᠯᠡᠯᠲᠡ ᠳᠠᠬᠢ ᠳᠡᠰ ᠨᠢ 3A ᠤᠨ ᠠᠵᠤ ᠠᠬᠤᠶᠢᠯᠠᠯ᠂ ᠪᠣᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠵᠡᠷᠭᠡ ᠦᠷ᠎ᠡ ᠡᠭᠦᠯᠳᠡᠷ ᠤᠨ ᠦᠢᠯᠡᠰ ᠤᠨ ᠬᠥᠲᠥᠴᠢ ᠠᠵᠤ ᠠᠬᠤᠶᠢᠯᠠᠯ ᠢ ᠪᠣᠶᠢᠵᠢᠭᠤᠯᠬᠤ ᠶᠢ ᠳᠡᠮᠵᠢᠨ᠎ᠡ᠃ ᠳᠠᠪᠠᠭᠤᠯᠢᠭ ᠦᠷ᠎ᠡ ᠡᠭᠦᠯᠳᠡᠷ ᠤᠨ ᠦᠢᠯᠡᠰ ᠤᠨ ᠠᠵᠤ ᠠᠬᠤᠶᠢᠯᠠᠯ ᠤᠨ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠨᠢᠭᠦᠯᠬᠦ᠂ ᠭᠠᠳᠠᠭᠠᠳᠤ ᠶᠢᠨ ᠵᠠᠬ᠎ᠠ ᠳᠡᠯᠭᠡᠭᠦᠷ ᠢ ᠢᠳᠡᠪᠬᠢᠲᠡᠢ ᠥᠷᠭᠡᠳᠬᠡᠬᠦ᠂ ᠣᠯᠠᠨ ᠤᠯᠤᠰᠵᠢᠭᠰᠠᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     ︵ᠲᠠᠪᠤ︶ ᠲᠠᠷᠢᠮᠠᠯ ᠤᠨ ᠦᠷ᠎ᠡ ᠡᠭᠦᠯᠳᠡᠷ ᠪᠣᠶᠢᠵᠢᠭᠤᠯᠬᠤ ᠲᠠᠯ᠎ᠠ ᠳᠤ ᠰᠢᠨ᠎ᠡ ᠡᠭᠦᠳᠦᠯᠲᠡ ᠭᠠᠷᠭᠠᠬᠤ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠦᠷ᠎ᠡ ᠡᠭᠦᠯᠳᠡᠷ ᠪᠣᠶᠢᠵᠢᠭᠤᠯᠬᠤ ᠰᠤᠳᠤᠯᠤᠨ ᠨᠡᠭᠡᠭᠡᠬᠦ ᠰᠠᠭᠤᠷᠢ᠂ ᠣᠷᠣᠨ ᠪᠦᠰᠡ ᠶᠢᠨ ᠬᠠᠷᠢᠴᠠᠩᠭᠤᠢ ᠳᠠᠪᠠᠭᠤᠯᠢᠭ ᠪᠠ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠷ᠎ᠠ ᠪᠤᠷᠴᠠᠭ᠂ ᠨᠠᠷᠢᠮᠤ᠂ ᠨᠠᠷᠠᠨ ᠬᠤᠸᠠᠷ᠂ ᠡᠷᠳᠡᠨᠢ ᠰᠢᠰᠢ᠂ ᠲᠥᠮᠥᠰᠥ᠂ ᠤᠰᠤᠨ ᠲᠤᠲᠤᠷᠭ᠎ᠠ᠂ ᠪᠤᠭᠤᠳᠠᠢ᠂ ᠰᠢᠬᠢᠷ ᠯᠤᠤᠪᠠᠩ᠂ ᠨᠣᠬᠠᠢ ᠶᠢᠨ ᠬᠤᠰᠢᠭᠤ ᠵᠡᠷᠭᠡ ᠳᠠᠪᠠᠭᠤᠯᠢᠭ ᠣᠨᠴᠠᠯᠢᠭᠲᠤ ᠲᠠᠷᠢᠮᠠᠯ ᠢᠶᠠᠷ ᠭᠤᠣᠯᠳᠠᠭᠤᠯᠤᠨ᠂ ᠦᠷ᠎ᠡ ᠡᠭᠦᠯᠳᠡᠷ ᠪᠣᠶᠢᠵᠢᠭᠤᠯᠬᠤ ᠲᠠᠯ᠎ᠠ ᠪᠠᠷ ᠬᠤᠯᠪᠤᠭᠠᠯᠠᠨ ᠪᠣᠭᠤᠮᠲᠠ ᠰᠢᠪᠲᠤᠯᠬᠤ ᠪᠠ ︽ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ︾ ᠶᠢ ᠬᠡᠷᠡᠭᠵᠢᠭᠦᠯᠦᠨ᠂ ᠦᠷ᠎ᠡ ᠡᠭᠦᠯᠳᠡᠷ ᠪᠣᠶᠢᠵᠢᠭᠤᠯᠬᠤ ᠰᠤᠳᠤᠯᠤᠨ ᠨᠡᠭᠡᠭᠡᠬᠦ ᠲᠣᠭᠲᠠᠴᠠ ᠳᠤ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ᠂ ᠬᠥᠲᠥᠴᠢ ᠠᠵᠤ ᠠᠬᠤᠶᠢᠯᠠᠯ᠂ ᠠᠵᠢᠯ ᠲᠥᠷᠥᠯ ᠤᠨ ᠳᠠᠭᠠᠭᠤᠯᠤᠭᠴᠢ ᠰᠢᠨᠵᠢᠯᠡᠬᠦ ᠤᠬᠠᠭᠠᠨᠲᠠᠨ ᠤ ᠦᠷ᠎ᠡ ᠡᠭᠦᠯᠳᠡᠷ ᠪᠣᠶᠢᠵᠢᠭᠤᠯᠬᠤ ᠳᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠵᠣᠬᠢᠶᠠᠨ ᠪᠠᠶᠢᠭᠤᠯᠬᠤ ᠶᠢ ᠨᠢ ᠳᠡᠮᠵᠢᠵᠦ᠂ ᠡᠯ᠎ᠡ ᠲᠠᠯ᠎ᠠ ᠶᠢᠨ ᠦᠷ᠎ᠡ ᠡᠳ᠋ ᠤᠨ ᠡᠬᠢ ᠪᠠᠶᠠᠯᠢᠭ᠂ ᠴᠢᠳᠠᠪᠤᠷᠢᠲᠠᠨ ᠤ ᠡᠬᠢ ᠪᠠᠶᠠᠯᠢᠭ᠂ ᠲᠠᠪᠴᠠᠩ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠵᠤ ᠦᠢᠯᠡᠰᠵᠢᠭᠰᠡᠨ ᠵᠠᠭᠪᠤᠷ ᠶᠣᠰᠣᠭᠠᠷ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯ᠂ ᠬᠡᠷᠡᠭᠯᠡᠭᠡᠨ ᠤ ᠰᠤᠳᠤᠯᠤᠯ᠂ ᠦᠷ᠎ᠡ ᠡᠭᠦᠯᠳᠡᠷ ᠪᠣᠶᠢᠵᠢᠭᠤᠯᠬᠤ ᠮᠡᠷᠭᠡᠵᠢᠯ ᠵᠡᠷᠭᠡ ᠲᠠᠯ᠎ᠠ ᠪᠠᠷ ᠲᠥᠪᠯᠡᠷᠡᠭᠦᠯᠦᠨ ᠪᠣᠭᠤᠮᠲᠠ ᠰᠢᠪᠲᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠪᠠᠨ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠂ ᠵᠠᠩᠭᠢᠯᠠᠭ᠎ᠠ ᠶᠢᠨ ᠮᠡᠷᠭᠡᠵᠢᠯ᠂ ᠤᠰᠤ ᠠᠷᠪᠢᠯᠠᠵᠤ ᠭᠠᠩ ᠢ ᠳᠠᠭᠠᠭᠠᠬᠤ ᠪᠠ ᠬᠤᠵᠢᠷ ᠲᠤ ᠲᠡᠰᠪᠦᠷᠢᠲᠡᠢ ᠰᠢᠨ᠎ᠡ ᠦᠷ᠎ᠡ ᠡᠭᠦᠯᠳᠡᠷ ᠢ ᠰᠣᠩᠭᠤᠨ ᠪᠣᠶᠢᠵᠢᠭᠤᠯᠬᠤ ᠵᠡᠷᠭᠡ ᠲᠠᠯ᠎ᠠ ᠪᠠᠷ ᠰᠢᠪᠲᠤᠯᠤᠯᠲᠠ ᠭᠠᠷᠭᠠᠨ᠎ᠠ᠃ ᠨᠠᠷᠠᠨ ᠬᠤᠸᠠᠷ᠂ ᠰᠢᠷ᠎ᠠ ᠪᠤᠷᠴᠠᠭ᠂ ᠨᠠᠷᠢᠮᠤ ᠶᠢᠨ ᠦᠷ᠎ᠡ ᠡᠭᠦᠯᠳᠡᠷ ᠤᠨ ᠪᠥᠬᠦ ᠤᠯᠤᠰ ᠤᠨ ᠲᠡᠷᠢᠭᠦᠨ ᠳᠤ ᠪᠠᠶᠢᠬᠤ ᠪᠠᠶᠢᠷᠢ ᠰᠠᠭᠤᠷᠢ ᠶᠢ ᠪᠠᠲᠤᠯᠠᠵᠤ᠂ ᠪᠤᠰᠤᠳ ᠲᠠᠷᠢᠮᠠᠯ ᠤᠨ ᠦᠷ᠎ᠡ ᠡᠭᠦᠯᠳᠡᠷ ᠤᠨ ᠥᠪᠡᠷ ᠢ ᠪᠠᠨ ᠬᠠᠩᠭᠠᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠠᠪᠠᠭᠤᠯᠢᠭ ᠢᠶᠠᠨ ᠳᠠᠪᠲᠠᠵᠤ᠂ ᠲᠡᠷᠢᠭᠦᠨ ᠤ ᠪᠠᠶᠢᠷᠢ ᠰᠠᠭᠤᠷᠢ ᠪᠠᠨ ᠪᠠᠲᠤᠯᠠᠨ᠂ ᠳᠤᠲᠠᠭᠤᠳᠠᠯ ᠢᠶᠠᠨ ᠨᠥᠬᠦᠪᠦᠷᠢᠯᠡᠵᠦ᠂ ᠵᠥᠷᠢᠶ᠎ᠡ ᠪᠠᠨ ᠪᠠᠭᠠᠰᠬᠠᠨ᠎ᠠ᠃ ᠡᠷᠳᠡᠨᠢ ᠰᠢᠰᠢ᠂ ᠲᠥᠮᠥᠰᠥ᠂ ᠢᠳᠡᠰᠢᠨ ᠨᠣᠭᠤᠭ᠎ᠠ᠂ ᠰᠢᠷ᠎ᠠ ᠪᠤᠷᠴᠠᠭ᠂ ᠠᠮᠢᠳᠤ ᠪᠣᠳᠠᠰ ᠤᠨ ᠦᠷ᠎ᠡ ᠡᠭᠦᠯᠳᠡᠷ ᠪᠣᠶᠢᠵᠢᠭᠤᠯᠬᠤ ᠶᠢᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠵᠢᠷᠭᠤᠭ᠎ᠠ︶ ᠮᠠᠯ ᠵᠢᠭᠦᠷᠲᠡᠨ ᠤ ᠡᠭᠦᠯᠳᠡᠷ ᠪᠣᠶᠢᠵᠢᠭᠤᠯᠬᠤ ᠲᠠᠯ᠎ᠠ ᠳᠤ ᠰᠢᠨ᠎ᠡ ᠡᠭᠦᠳᠦᠯᠲᠡ ᠭᠠᠷᠭᠠᠬᠤ ᠶᠢ ᠳᠡᠮᠵᠢᠨ᠎ᠡ᠃ ᠠᠯᠠᠰᠢᠨ ᠦᠬᠡᠷ᠂ ᠠᠯᠠᠰᠢᠨ ᠬᠤᠨᠢ᠂ ᠠᠮᠢᠳᠤ ᠭᠠᠭ᠋ᠠᠢ ᠵᠡᠷᠭᠡ ᠶᠢᠨ ᠡᠭᠦᠯᠳᠡᠷ ᠪᠣᠶᠢᠵᠢᠭᠤᠯᠬᠤ ᠲᠠᠯ᠎ᠠ ᠪᠠᠷ ᠬᠤᠯᠪᠤᠭᠠᠯᠠᠨ ᠪᠣᠭᠤᠮᠲᠠ ᠰᠢᠪᠲᠤᠯᠬᠤ ᠪᠠ ︽ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ︾ ᠶᠢ ᠥᠷᠨᠢᠭᠦᠯᠵᠦ᠂ ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠬᠤ ᠲᠠᠯ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠪᠠᠨ ᠴᠢᠩᠭᠠᠳᠬᠠᠨ᠎ᠠ᠃ ᠣᠷᠣᠨ ᠪᠦᠰᠡ ᠶᠢᠨ ᠴᠢᠨᠠᠷᠲᠠᠢ ᠪᠠᠷ ᠬᠤᠯᠪᠤᠭᠠᠯᠠᠨ ᠦᠷ᠎ᠡ ᠡᠭᠦᠯᠳᠡᠷ ᠪᠣᠶᠢᠵᠢᠭᠤᠯᠬᠤ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠦᠢᠯᠡᠳᠪᠦᠷᠢᠯᠡᠬᠦ ᠴᠢᠨᠰᠠᠭ᠎ᠠ ᠶᠢ ᠬᠡᠮᠵᠢᠨ ᠲᠣᠭᠲᠠᠭᠠᠬᠤ ᠠᠵᠢᠯ ᠢ ᠰᠢᠨᠵᠢᠯᠡᠬᠦ ᠤᠬᠠᠭᠠᠨᠴᠢ᠂ ᠰᠢᠰᠲ᠋ᠧᠮ ᠲᠠᠢ᠂ ᠵᠢᠷᠤᠮᠵᠢᠭᠤᠨ ᠪᠠᠶᠢᠬᠤ ᠳᠦᠷᠢᠮᠯᠡᠯ ᠢ ᠴᠢᠩᠭ᠎ᠠ ᠵᠢᠷᠤᠮᠯᠠᠨ ᠥᠷᠨᠢᠭᠦᠯᠵᠦ᠂ ᠬᠡᠪᠴᠢᠶᠡᠵᠢᠭᠦᠯᠦᠭᠰᠡᠨ᠂ ᠬᠠᠮᠵᠢᠯᠴᠠᠭᠰᠠᠨ᠂ ᠣᠶᠤᠨᠴᠢᠯᠠᠭᠰᠠᠨ ᠣᠳᠣ ᠦᠶ᠎ᠡ ᠶᠢᠨ ᠡᠭᠦᠯᠳᠡᠷ ᠪᠣᠶᠢᠵᠢᠭᠤᠯᠬᠤ ᠰᠢᠨ᠎ᠡ ᠵᠠᠭᠪᠤᠷ ᠪᠠᠶᠢᠭᠤᠯᠬᠤ ᠶᠢ ᠠᠬᠢᠭᠤᠯᠤᠨ᠎ᠠ᠃ ᠠᠯᠠᠰᠢᠨ ᠦᠬᠡᠷ ᠤᠨ ᠲᠠᠯ᠎ᠠ ᠪᠠᠷ ᠬᠤᠸᠠᠰᠢ ᠦᠬᠡᠷ ᠵᠡᠷᠭᠡ ᠰᠠᠶᠢᠨ ᠦᠷ᠎ᠡ ᠡᠭᠦᠯᠳᠡᠷ ᠢ ᠰᠣᠩᠭᠤᠨ ᠪᠣᠶᠢᠵᠢᠭᠤᠯᠬᠤ ᠪᠥᠭᠡᠳ ᠴᠢᠨᠰᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠭᠦᠯᠳᠡᠷ ᠤᠨ ᠢᠷᠡᠯᠲᠡ ᠶᠢ ᠪᠡᠶ᠎ᠡ ᠪᠠᠨ ᠳᠠᠭᠠᠭᠠᠵᠤ ᠦᠪᠡᠰᠦᠪᠡᠨ ᠡᠵᠡᠮᠳᠡᠵᠦ ᠪᠣᠯᠬᠤ ᠪᠠᠷ ᠬᠦᠴᠦᠯᠡᠨ ᠴᠢᠷᠮᠠᠶᠢᠨ᠎ᠠ︔ ᠠᠯᠠᠰᠢᠨ ᠬᠤᠨᠢᠨ ᠤ ᠲᠠᠯ᠎ᠠ ᠪᠠᠷ ᠨᠤᠲᠤᠭ ᠤᠨ ᠦᠷ᠎ᠡ ᠡᠭᠦᠯᠳᠡᠷ ᠤᠨ ᠳᠠᠪᠠᠭᠤᠯᠢᠭ ᠥᠪᠡᠷᠮᠢᠴᠡ ᠰᠢᠨᠵᠢ ᠶᠢ ᠭᠦᠢᠴᠡᠳ ᠠᠭᠤᠳᠠᠯᠵᠤ᠂ ᠦᠢᠯᠡᠳᠪᠦᠷᠢᠯᠡᠬᠦ ᠴᠢᠨᠰᠠᠭ᠎ᠠ ᠶᠢ ᠨᠢ ᠦᠷᠭᠦᠯᠵᠢᠯᠡᠨ ᠳᠡᠭᠡᠭᠰᠢᠯᠡᠭᠦᠯᠵᠦ᠂ ᠣᠯᠠᠨ ᠬᠦᠪᠦᠷᠡᠯᠳᠦ ᠢᠯᠡᠭᠦᠦ ᠲᠥᠯᠯᠡᠬᠦ ᠲᠤᠰᠬᠠᠶᠢᠵᠢᠭᠰᠠᠨ ᠰᠢᠨ᠎ᠡ ᠦᠷ᠎ᠡ ᠡᠭᠦᠯᠳᠡᠷ ᠢ ᠪᠣᠶᠢᠵᠢᠭᠤᠯᠤᠨ᠎ᠠ︔ ᠠᠮᠢᠳᠤ ᠭᠠᠭ᠋ᠠᠢ ᠶᠢᠨ ᠲᠠᠯ᠎ᠠ ᠪᠠᠷ ᠤᠳᠤᠮᠯᠠᠯ ᠤᠨ ᠦᠨᠡᠯᠡᠨ ᠵᠢᠱᠢᠯᠲᠡ᠂ ᠪᠥᠬᠦ ᠭᠧᠨ ᠤ ᠪᠦᠯᠦᠭ ᠤᠨ ᠰᠣᠩᠭᠤᠯᠲᠠ ᠵᠡᠷᠭᠡ ᠮᠡᠷᠭᠡᠵᠢᠯ ᠢᠶᠠᠷ ᠲᠣᠷᠣᠶᠢᠯᠠᠬᠤ ᠨᠣᠷᠮ᠎ᠠ᠂ ᠡᠪᠡᠳᠴᠢᠨ ᠢ ᠳᠠᠷᠤᠬᠤ ᠴᠢᠨᠠᠷ ᠢ ᠲᠡᠬᠡᠭᠰᠢᠯᠡᠬᠦᠯᠦᠨ᠎ᠡ᠃ ᠪᠥᠬᠦ ᠤᠯᠤᠰ ᠲᠤ ᠣᠷᠣᠶᠢᠯᠠᠭᠰᠠᠨ ᠦᠬᠡᠷ᠂ ᠬᠤᠨᠢ ᠪᠠ ᠠᠮᠢᠳᠤ ᠭᠠᠭ᠋ᠠᠢ ᠶᠢᠨ ᠡᠭᠦᠯᠳᠡᠷ ᠪᠣᠶᠢᠵᠢᠭᠤᠯᠬᠤ ᠲᠣᠭᠲᠠᠯᠴᠠᠭ᠎ᠠ ᠶᠢ ᠴᠣᠭᠴᠠᠯᠠᠵᠤ᠂ ᠡᠭᠦᠯᠳᠡᠷ ᠤᠨ ᠮᠠᠯ ᠵᠢᠭᠦᠷᠲᠡᠨ ᠤ ᠦᠢᠯᠡᠳᠪᠦᠷᠢᠯᠡᠯ ᠤᠨ ᠴᠢᠨᠰᠠᠭ᠎ᠠ ᠪᠠ ᠶᠠᠰᠤ ᠴᠢᠨᠠᠷ ᠤᠨ ᠬᠢᠷᠢ ᠲᠦᠪᠰᠢᠨ ᠤ ᠬᠤᠣᠰᠯᠠᠨ ᠳᠡᠭᠡᠭᠰᠢᠯᠡᠬᠦ ᠶᠢ ᠪᠡᠶᠡᠯᠡᠭᠦᠯᠦᠨ᠎ᠡ᠃ ᠨᠣᠣᠯᠣᠭᠤᠷ ᠤᠨ ᠢᠮᠠᠭ᠎ᠠ᠂ ᠠᠳᠤᠭᠤ᠂ ᠲᠡᠮᠡᠭᠡ᠂ ᠰᠠᠭᠠᠯᠢ ᠶᠢᠨ ᠢᠮᠠᠭ᠎ᠠ᠂ ᠭᠡᠷ ᠤᠨ ᠵᠢᠭᠦᠷᠲᠡᠨ ᠵᠡᠷᠭᠡ ᠶᠢᠨ ᠥᠪᠡᠷᠮᠢᠴᠡ ᠣᠨᠴᠠᠯᠢᠭ ᠲᠠᠢ ᠡᠭᠦᠯᠳᠡᠷ ᠢ  ᠨᠢ ᠰᠣᠩᠭᠤᠨ ᠪᠣᠶᠢᠵᠢᠭᠤᠯᠬᠤ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     ︵ᠳᠣᠯᠤᠭ᠎ᠠ︶ ᠣᠢ ᠮᠣᠳᠣ ᠡᠪᠡᠰᠦᠨ ᠤ ᠦᠷ᠎ᠡ ᠶᠢᠨ ᠴᠢᠬᠢ ᠪᠣᠶᠢᠵᠢᠭᠤᠯᠬᠤ ᠲᠠᠯ᠎ᠠ ᠳᠤ ᠰᠢᠨ᠎ᠡ ᠡᠭᠦᠳᠦᠯᠲᠡ ᠭᠠᠷᠭᠠᠬᠤ ᠶᠢ ᠳᠡᠮᠵᠢᠨ᠎ᠡ᠃ ᠤᠯᠤᠰ ᠤᠨ ᠳᠣᠲᠣᠭᠠᠳᠤ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠤᠳᠤᠯᠤᠨ ᠨᠡᠭᠡᠭᠡᠬᠦ ᠲᠠᠪᠴᠠᠩ᠂ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ᠂ ᠶᠡᠭᠡ ᠳᠡᠭᠡᠳᠦ ᠰᠤᠷᠭᠠᠭᠤᠯᠢ ᠵᠡᠷᠭᠡ ᠡᠬᠢ ᠪᠠᠶᠠᠯᠢᠭ ᠢ ᠬᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠪᠡᠰᠦᠨ ︵ᠦᠷ᠎ᠡ︶ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠢᠳᠡᠪᠬᠢᠲᠡᠢ ᠡᠭᠦᠳᠦᠨ ᠪᠠᠶᠢᠭᠤᠯᠵᠤ᠂ ᠣᠢ ᠮᠣᠳᠣ ᠡᠪᠡᠰᠦᠨ ᠤ ᠦᠷ᠎ᠡ ᠶᠢᠨ ᠦᠢᠯᠡᠰ ᠤᠨ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠣᠢ ᠮᠣᠳᠣ ᠡᠪᠡᠰᠦᠨ ᠤ ᠦᠷ᠎ᠡ ᠡᠭᠦᠯᠳᠡᠷ ᠲᠤ ᠰᠢᠨ᠎ᠡ ᠶᠢ ᠡᠭᠦᠳᠴᠦ ᠬᠥᠭᠵᠢᠭᠦᠯᠬᠦ ᠶᠢ ᠠᠬᠢᠭᠤᠯᠤᠨ᠎ᠠ᠃ ᠬᠢᠶᠠᠭ᠂ ᠶᠦᠷᠬᠦᠭ ᠤᠨ ᠲᠠᠯ᠎ᠠ ᠪᠠᠷ ᠭᠤᠣᠯᠳᠠᠭᠤ ᠦᠷ᠎ᠡ ᠡᠭᠦᠯᠳᠡᠷ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠥᠨᠳᠥᠷ ᠮᠥᠷᠲᠡᠭᠡᠨ ᠪᠠᠬᠢᠯᠢᠭ᠌᠂ ᠰᠥᠷᠬᠦ ᠶᠢ ᠳᠠᠭᠠᠭᠠᠬᠤ ᠥᠨᠳᠥᠷ ᠤᠨᠠᠯᠲᠠᠲᠤ ᠰᠢᠨ᠎ᠡ ᠦᠷ᠎ᠡ ᠡᠭᠦᠯᠳᠡᠷ ᠢ ᠲᠦᠷᠭᠡᠪᠴᠢᠯᠡᠨ ᠪᠣᠶᠢᠵᠢᠭᠤᠯᠵᠤ᠂ ᠦᠷ᠎ᠡ ᠶᠢᠨ ᠨᠢᠭᠡᠴᠢ ᠲᠠᠯᠠᠪᠠᠢ ᠶᠢᠨ ᠬᠤᠷᠢᠶᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠣᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠠᠵᠤ ᠦᠢᠯᠡᠰ ᠤᠨ ᠲᠣᠭᠲᠠᠯᠴᠠᠭ᠎ᠠ ᠶᠢ ᠪᠦᠷᠢᠨᠰᠢᠭᠦᠯᠵᠦ ᠲᠡᠭᠦᠯᠳᠡᠷᠵᠢᠭᠦᠯᠦᠨ᠎ᠡ︔ ᠴᠠᠷᠭᠠᠰᠤ ᠶᠢᠨ ᠲᠠᠯ᠎ᠠ ᠪᠠᠷ ᠡᠪᠡᠰᠦᠨ ᠤ ᠦᠷ᠎ᠡ ᠡᠭᠦᠯᠳᠡᠷ ᠢ ᠭᠠᠳᠠᠭᠠᠳᠤ ᠠᠴᠠ ᠣᠷᠣᠭᠤᠯᠬᠤ ᠳᠤ ᠲᠦᠰᠢᠭᠯᠡᠬᠦ ᠠᠴᠠ ᠠᠩᠭᠢᠵᠢᠷᠠᠬᠤ ᠪᠠᠷ ᠬᠦᠴᠦᠯᠡᠨ ᠴᠢᠷᠮᠠᠶᠢᠵᠤ᠂ ᠤᠯᠤᠰ ᠤᠨ ᠭᠠᠷᠤᠯᠲᠠᠲᠤ ᠦᠷ᠎ᠡ ᠶᠢᠨ ᠤᠨᠠᠯᠲᠠ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ︔ ᠨᠣᠬᠠᠢ ᠶᠢᠨ ᠬᠤᠰᠢᠭᠤᠨ ᠤ ᠲᠠᠯ᠎ᠠ ᠪᠠᠷ ᠨᠢᠭᠡᠴᠢ ᠤᠨᠠᠯᠲᠠ ᠶᠢᠨ ᠬᠢᠷᠢ ᠲᠦᠪᠰᠢᠨ ᠥᠨᠳᠥᠷ᠂ ᠮᠧᠬᠠᠨᠢᠭᠵᠢᠭᠰᠠᠨ ᠦᠢᠯᠡᠳᠪᠦᠷᠢᠯᠡᠯ ᠳᠤ ᠲᠣᠬᠢᠷᠠᠬᠤ᠂ ᠡᠳ᠋ᠰᠢᠭᠦᠯᠦᠨ ᠪᠣᠯᠪᠠᠰᠤᠷᠠᠭᠤᠯᠬᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠴᠢᠨᠠᠷ ᠪᠦᠬᠦᠢ ᠰᠢᠨ᠎ᠡ ᠦᠷ᠎ᠡ ᠡᠭᠦᠯᠳᠡᠷ ᠢ ᠪᠣᠶᠢᠵᠢᠭᠤᠯᠬᠤ ᠪᠠᠷ ᠭᠤᠣᠯ ᠬᠠᠷᠠᠯᠲᠠ ᠪᠠᠨ ᠪᠣᠯᠭᠠᠨ᠎ᠠ︔ ᠨᠠᠷᠠᠰᠤ᠂ ᠴᠠᠭᠠᠨ ᠬᠠᠷᠭᠠᠨ᠎ᠠ᠂ ᠵᠠᠭ ᠮᠣᠳᠣ᠂ ᠡᠯᠡᠰᠦᠨ ᠪᠤᠷᠭᠠᠰᠤᠨ ᠤ ᠲᠠᠯ᠎ᠠ ᠪᠠᠷ ᠭᠠᠩ ᠢ ᠳᠠᠭᠠᠭᠠᠬᠤ᠂ ᠬᠤᠵᠢᠷ ᠲᠤ ᠲᠡᠰᠪᠦᠷᠢᠲᠡᠢ᠂ ᠡᠯᠡᠰᠦ ᠶᠢ ᠲᠣᠭᠲᠠᠪᠤᠷᠢᠵᠢᠭᠤᠯᠬᠤ ᠴᠢᠳᠠᠪᠤᠷᠢ ᠪᠠᠷ ᠴᠢᠩᠭ᠎ᠠ ᠪᠠᠶᠢᠭ᠎ᠠ ᠰᠠᠶᠢᠨ ᠦᠷ᠎ᠡ ᠡᠭᠦᠯᠳᠡᠷ ᠢ ᠰᠣᠩᠭᠤᠨ ᠪᠣᠶᠢᠵᠢᠭᠤᠯᠬᠤ ᠪᠠᠷ ᠭᠤᠣᠯ ᠬᠠᠷᠠᠯᠲᠠ ᠪᠠᠨ ᠪᠣᠯᠭᠠᠨ᠎ᠠ︔ ᠬᠠᠲᠠᠭᠤ ᠴᠠᠭᠠᠨ᠂ ᠬᠡᠭᠡᠷ᠎ᠡ ᠶᠢᠨ ᠭᠦᠢᠯᠡᠰᠦ᠂ ᠪᠤᠶᠢᠯᠠᠰᠤ᠂ ᠰᠡᠩᠳᠡᠩ ᠮᠣᠳᠣᠨ ᠤ ᠲᠠᠯ᠎ᠠ ᠪᠠᠷ ᠥᠨᠳᠥᠷ ᠤᠨᠠᠯᠲᠠᠲᠤ ᠴᠢᠨᠠᠷ ᠰᠠᠶᠢᠲᠠᠢ ᠮᠣᠳᠣᠯᠢᠭ ᠲᠣᠰᠣᠯᠢᠭ ᠲᠠᠷᠢᠮᠠᠯ ᠤᠨ ᠰᠠᠶᠢᠨ ᠦᠷ᠎ᠡ ᠡᠭᠦᠯᠳᠡᠷ ᠢ ᠰᠣᠩᠭᠤᠨ ᠪᠣᠶᠢᠵᠢᠭᠤᠯᠬᠤ ᠪᠠᠷ ᠭᠤᠣᠯ ᠬᠠᠷᠠᠯᠲᠠ ᠪᠠᠨ ᠪᠣᠯᠭᠠᠨ᠎ᠠ︔ ᠴᠢᠴᠠᠷᠭᠠᠨ᠎ᠠ᠂ ᠴᠠᠭᠠᠨ ᠭᠤᠶᠣᠣ᠂ ᠴᠢᠨ᠋ᠸ᠎ᠠ ᠶᠢᠨ ᠬᠠᠷᠮᠠᠭ ᠲᠤ ᠥᠨᠳᠥᠷ ᠨᠡᠮᠡᠯᠲᠡ ᠥᠷᠳᠡᠭ ᠪᠦᠬᠦᠢ ᠠᠵᠤ ᠠᠬᠤᠢ ᠶᠢᠨ ᠣᠢ ᠶᠢᠨ ᠵᠢᠮᠢᠰ ᠤᠨ ᠰᠠᠶᠢᠨ ᠦᠷ᠎ᠡ ᠡᠭᠦᠯᠳᠡᠷ ᠢ ᠰᠣᠩᠭᠤᠨ ᠪᠣᠶᠢᠵᠢᠭᠤᠯᠬᠤ ᠪᠠᠷ ᠭᠤᠣᠯ ᠬᠠᠷᠠᠯᠲᠠ ᠪᠠᠨ ᠪᠣᠯᠭᠠᠵᠤ᠂ ᠣᠢ ᠮᠣᠳᠣ ᠡᠪᠡᠰᠦᠨ ᠤ ᠦᠷ᠎ᠡ ᠡᠭᠦᠯᠳᠡᠷ ᠤᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠰᠦᠪᠡᠨ ᠬᠦᠴᠦᠷᠬᠡᠭᠵᠢᠬᠦ᠂ ᠦᠷ᠎ᠡ ᠡᠭᠦᠯᠳᠡᠷ ᠤᠨ ᠢᠷᠡᠯᠲᠡ ᠶᠢ ᠪᠡᠶ᠎ᠡ ᠪᠠᠨ ᠳᠠᠭᠠᠭᠠᠵᠤ ᠥᠪᠡᠰᠦᠪᠡᠨ ᠡᠵᠡᠮᠳᠡᠵᠦ ᠪᠣᠯᠬᠤ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     ︵ᠨᠠᠢᠮᠠ︶ ᠦᠷ᠎ᠡ ᠡᠭᠦᠯᠳᠡᠷ ᠤᠨ ᠬᠢᠨᠠᠨ ᠲᠣᠭᠲᠠᠭᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠲᠠᠷᠢᠮᠠᠯ ᠤᠨ ᠦᠷ᠎ᠡ ᠡᠭᠦᠯᠳᠡᠷ ᠤᠨ ᠬᠢᠨᠠᠨ ᠲᠣᠭᠲᠠᠭᠠᠬᠤ ᠪᠠᠷᠢᠮᠵᠢᠶ᠎ᠠ ᠶᠢ ᠴᠢᠩᠳᠠᠯᠠᠵᠤ᠂ DNA ᠤᠨ ᠪᠠᠶᠢᠷᠢ ᠴᠡᠭ ᠤᠨ ᠲᠤᠭ᠎ᠠ᠂ ᠤᠨᠠᠯᠲᠠ ᠪᠠ ᠰᠥᠷᠬᠦ ᠶᠢ ᠳᠠᠭᠠᠭᠠᠬᠤ ᠴᠢᠨᠠᠷ ᠤᠨ ᠱᠠᠭᠠᠷᠳᠠᠯᠭ᠎ᠠ ᠶᠢ ᠳᠡᠭᠡᠭᠰᠢᠯᠡᠭᠦᠯᠦᠨ᠎ᠡ᠃ ᠲᠤᠷᠰᠢᠯᠲᠠ ᠶᠢᠨ ᠦᠷ᠎ᠡ ᠡᠭᠦᠯᠳᠡᠷ ᠤᠨ ᠴᠢᠬᠤᠯᠠ ᠭᠦᠢᠴᠡᠳᠬᠡᠯ ᠲᠤᠭ᠎ᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠤᠷᠰᠢᠯᠲᠠ ᠳᠤ ᠣᠷᠣᠯᠴᠠᠭᠰᠠᠨ ᠦᠷ᠎ᠡ ᠡᠭᠦᠯᠳᠡᠷ ᠤᠨ DNA ᠬᠤᠷᠤᠭᠤᠨ ᠤ ᠣᠷᠣᠮ᠂ ᠰᠥᠷᠬᠦ ᠶᠢ ᠳᠠᠭᠠᠭᠠᠬᠤ ᠴᠢᠨᠠᠷ᠂ ᠴᠢᠨᠠᠷ ᠪᠠ ᠭᠧᠨ ᠬᠤᠪᠢᠷᠠᠭᠤᠯᠤᠭᠰᠠᠨ ᠪᠦᠷᠢᠯᠳᠦᠭᠦᠨ ᠵᠡᠷᠭᠡ ᠶᠢ ᠪᠥᠬᠦᠨ ᠢ ᠬᠠᠮᠤᠷᠠᠭᠤᠯᠤᠨ ᠪᠠᠶᠢᠴᠠᠭᠠᠨ ᠬᠡᠮᠵᠢᠵᠦ᠂ ᠬᠢᠨᠠᠨ ᠲᠣᠭᠲᠠᠭᠠᠭᠰᠠᠨ ᠦᠷ᠎ᠡ ᠡᠭᠦᠯᠳᠡᠷ ᠤᠨ ᠲᠤᠭ᠎ᠠ ᠬᠡᠮᠵᠢᠶ᠎ᠡ ᠶᠢ ᠨᠢ ᠪᠠᠭᠤᠷᠠᠭᠤᠯᠵᠤ᠂ ᠴᠢᠨᠠᠷ ᠢ ᠨᠢ ᠦᠨᠡᠨ ᠬᠦ ᠳᠡᠭᠡᠭᠰᠢᠯᠡᠭᠦᠯᠦᠨ᠎ᠡ᠃ ᠲᠤᠷᠰᠢᠯᠲᠠ ᠶᠢᠨ ᠲᠣᠭᠲᠠᠯᠴᠠᠭᠠᠨ ᠤ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠡᠰ ᠤᠨ ᠦᠷ᠎ᠡ ᠡᠭᠦᠯᠳᠡᠷ ᠤᠨ ᠲᠤᠷᠰᠢᠯᠲᠠ ᠶᠢᠨ ᠰᠠᠭᠤᠷᠢᠨ ᠭᠠᠵᠠᠷ ᠢ ᠴᠢᠨᠠᠷ ᠰᠠᠶᠢᠲᠠᠢ ᠴᠣᠭᠴᠠᠯᠠᠨ᠎ᠠ᠃ ᠣᠷᠣᠭᠤᠯᠤᠭᠰᠠᠨ ᠦᠷ᠎ᠡ ᠡᠭᠦᠯᠳᠡᠷ ᠢ ᠪᠦᠷᠢᠳᠬᠡᠨ ᠳᠠᠩᠰᠠᠯᠠᠵᠤ ᠬᠠᠮᠢᠶᠠᠷᠬᠤ ᠪᠠᠨ ᠴᠢᠩᠭᠠᠳᠬᠠᠵᠤ᠂ ᠣᠷᠣᠭᠤᠯᠤᠭᠰᠠᠨ ᠦᠷ᠎ᠡ ᠡᠭᠦᠯᠳᠡᠷ ᠤᠨ ᠲᠤᠷᠰᠢᠯᠲᠠ ᠶᠢ ᠮᠡᠳᠡᠭᠦᠯᠦᠨ ᠳᠠᠩᠰᠠᠯᠠᠭᠤᠯᠬᠤ ᠪᠠᠨ ᠵᠢᠷᠤᠮᠵᠢᠭᠤᠯᠬᠤ ᠶᠢᠨ ᠬᠠᠮᠲᠤ ᠦᠷ᠎ᠡ ᠡᠭᠦᠯᠳᠡᠷ ᠲᠤ ᠮᠥᠷᠳᠡᠵᠦ ᠦᠨᠡᠯᠡᠯᠲᠡ ᠬᠢᠬᠦ ᠠᠵᠢᠯ ᠢ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶     ᠭᠤᠷᠪᠠ᠂ ᠪᠠᠲᠤᠯᠠᠭ᠎ᠠ ᠪᠠᠨ ᠴᠢᠩᠭᠠᠳᠬᠠᠵᠤ ᠳᠠᠪᠠᠭᠤᠯᠢᠭ ᠢᠶᠠᠨ ᠪᠠᠳᠠᠷᠠᠭᠤᠯᠤᠨ᠂ ᠰᠠᠶᠢᠨ ᠦᠷ᠎ᠡ ᠡᠭᠦᠯᠳᠡᠷ ᠦᠷᠡᠵᠢᠭᠦᠯᠦᠨ ᠪᠣᠶᠢᠵᠢᠭᠤᠯᠬᠤ ᠤᠯᠤᠰ ᠤᠨ ᠳᠡᠰ ᠤᠨ ᠰᠠᠭᠤᠷᠢᠨ ᠭᠠᠵᠠᠷ ᠢ ᠴᠣᠭᠴᠠᠯᠠᠨ᠎ᠠ     ︵ᠶᠢᠰᠦ︶ ᠲᠠᠷᠢᠮᠠᠯ ᠤᠨ ᠰᠠᠶᠢᠨ ᠦᠷ᠎ᠡ ᠡᠭᠦᠯᠳᠡᠷ ᠢ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠨ᠎ᠠ᠃ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠰᠠᠶᠢᠨ ᠦᠷ᠎ᠡ ᠡᠭᠦᠯᠳᠡᠷ ᠪᠣᠶᠢᠵᠢᠭᠤᠯᠬᠤ ᠲᠣᠮᠣ ᠰᠢᠶᠠᠨ ᠤ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠬᠤ ᠶᠢ ᠨᠢ ᠵᠢᠯᠤᠭᠤᠳᠴᠤ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ᠂ ᠰᠡᠳᠬᠢᠴᠡ ᠠᠷᠭ᠎ᠠ ᠬᠡᠮᠵᠢᠶ᠎ᠡ ᠶᠢ ᠨᠢ ᠲᠣᠳᠣᠷᠬᠠᠶᠢᠯᠠᠵᠤ᠂ ᠬᠠᠮᠤᠷᠬᠤ ᠬᠡᠪᠴᠢᠶ᠎ᠡ ᠪᠠᠷ ᠨᠡᠩ ᠥᠷᠭᠡᠨ᠂ ᠳᠡᠮᠵᠢᠬᠦ ᠡᠷᠴᠢᠮ ᠨᠡᠩ ᠴᠢᠩᠭ᠎ᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠭᠠᠵᠠᠷ ᠰᠢᠷᠣᠢ᠂ ᠡᠳ᠋ ᠤᠨ ᠵᠠᠰᠠᠭ ᠭᠠᠶᠢᠯᠢ ᠲᠠᠲᠠᠪᠤᠷᠢ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠵᠤ᠂ ᠰᠠᠶᠢᠨ ᠰᠠᠶᠢᠬᠠᠨ ᠦᠢᠯᠡᠳᠪᠦᠷᠢᠯᠡᠯ ᠤᠨ ᠨᠥᠬᠦᠴᠡᠯ ᠪᠠ ᠬᠥᠭᠵᠢᠯᠲᠡ ᠶᠢᠨ ᠣᠷᠴᠢᠨ ᠢᠶᠠᠷ ᠢᠶᠠᠨ ᠣᠷᠣᠨ ᠤ ᠳᠣᠲᠣᠨ᠎ᠠ ᠭᠠᠳᠠᠨᠠᠬᠢ ᠨᠡᠷᠡᠲᠦ ᠦᠷ᠎ᠡ ᠡᠭᠦᠯᠳᠡᠷ ᠤᠨ ᠠᠵᠤ ᠠᠬᠤᠶᠢᠯᠠᠯ ᠢ ᠲᠠᠲᠠᠨ ᠠᠪᠴᠢᠷᠠᠵᠤ ᠥᠪᠥᠷ ᠮᠣᠩᠭᠤᠯ ᠳᠤ ᠨᠤᠲᠤᠭᠰᠢᠭᠤᠯᠤᠨ᠎ᠠ᠃ ᠤᠯᠤᠰ ᠤᠨ ᠡᠷᠳᠡᠨᠢ ᠰᠢᠰᠢ ᠶᠢᠨ ᠰᠠᠶᠢᠨ ᠦᠷ᠎ᠡ ᠡᠭᠦᠯᠳᠡᠷ ᠪᠣᠶᠢᠵᠢᠭᠤᠯᠬᠤ ᠰᠠᠭᠤᠷᠢᠨ ᠭᠠᠵᠠᠷ ᠢ ᠴᠣᠭᠴᠠᠯᠠᠵᠤ᠂ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ ᠪᠠᠷ ᠭᠤᠣᠯᠳᠠᠯᠭ᠎ᠠ ᠪᠣᠯᠭᠠᠵᠤ᠂ ᠪᠥᠬᠦ ᠤᠯᠤᠰ ᠤᠨ ᠭᠤᠣᠯ ᠪᠣᠯᠬᠤ ᠠᠮᠢ ᠠᠬᠤᠢ ᠶᠢᠨ ᠣᠷᠣᠨ ᠤ ᠦᠷ᠎ᠡ ᠡᠭᠦᠯᠳᠡᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠮᠤᠷᠴᠤ᠂ ᠵᠢᠮᠢᠰ ᠤᠨ ᠲᠦᠷᠦᠭᠦᠦ ᠶᠢ ᠬᠠᠳᠠᠭᠠᠬᠤ᠂ ᠮᠧᠬᠠᠨᠢᠭᠵᠢᠭᠤᠯᠤᠯᠲᠠ ᠪᠠᠷ ᠡᠷ᠎ᠡ ᠲᠣᠭᠤᠷᠴᠤᠭ ᠢ ᠨᠢ ᠠᠷᠢᠯᠭᠠᠬᠤ᠂ ᠨᠠᠷᠢᠯᠢᠭ ᠢᠯᠭᠠᠨ ᠰᠢᠯᠢᠬᠦ ᠵᠡᠷᠭᠡ ᠲᠥᠬᠦᠭᠡᠷᠦᠮᠵᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠣᠷᠣᠨ ᠤ ᠳᠣᠲᠣᠨ᠎ᠠ ᠭᠠᠳᠠᠨᠠᠬᠢ ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠳᠤ ᠢᠷᠡᠵᠦ ᠰᠠᠶᠢᠨ ᠦᠷ᠎ᠡ ᠪᠣᠶᠢᠵᠢᠭᠤᠯᠬᠤ ᠪᠠᠷ ᠲᠠᠲᠠᠵᠤ᠂ ᠡᠷᠳᠡᠨᠢ ᠰᠢᠰᠢ ᠶᠢᠨ ᠠᠮᠢᠳᠤ ᠪᠣᠳᠠᠰ ᠤᠨ ᠰᠠᠶᠢᠨ ᠦᠷ᠎ᠡ ᠡᠭᠦᠯᠳᠡᠷ ᠪᠣᠶᠢᠵᠢᠭᠤᠯᠬᠤ ᠠᠵᠢᠯ ᠢ ᠳᠠᠭᠠᠭᠠᠨ ᠵᠠᠯᠭᠠᠭᠤᠯᠤᠨ᠎ᠠ᠃ ᠤᠯᠤᠰ ᠤᠨ ᠰᠢᠷ᠎ᠠ ᠪᠤᠷᠴᠠᠭ ᠤᠨ ᠦᠷ᠎ᠡ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠴᠣᠭᠴᠠᠯᠠᠵᠤ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ ᠢᠶᠠᠷ ᠭᠤᠣᠯᠳᠠᠯᠭ᠎ᠠ ᠪᠣᠯᠭᠠᠨ᠂ ᠦᠷ᠎ᠡ ᠶᠢᠨ ᠥᠩᠭᠡ ᠶᠢᠨ ᠰᠣᠩᠭᠤᠯᠲᠠ ᠨᠠᠷᠢᠯᠢᠭ ᠰᠣᠩᠭᠤᠯᠲᠠ᠂ ᠴᠢᠨᠠᠷ ᠰᠠᠶᠢᠲᠠᠢ ᠥᠩᠭᠡᠯᠡᠯᠲᠡ᠂ ᠣᠶᠤᠨᠯᠢᠭ ᠲᠤᠰᠠᠯᠠᠬᠤ ᠪᠡᠯᠡᠳᠬᠡᠮᠵᠢ ᠶᠢᠨ ᠬᠡᠷᠡᠭᠯᠡᠭᠡ ᠶᠢ ᠲᠡᠭᠦᠯᠳᠡᠷᠵᠢᠭᠦᠯᠵᠦ᠂ ᠤᠯᠤᠰ ᠤᠨ ᠠᠮᠢᠳᠤ ᠪᠣᠳᠠᠰ ᠤᠨ ᠦᠷ᠎ᠡ ᠡᠭᠦᠯᠳᠡᠷ ᠪᠣᠶᠢᠵᠢᠭᠤᠯᠬᠤ ᠰᠢᠷ᠎ᠠ ᠪᠤᠷᠴᠠᠭ ᠤᠨ ᠦᠷ᠎ᠡ ᠡᠭᠦᠯᠳᠡᠷ ᠦᠷᠡᠵᠢᠭᠦᠯᠦᠨ ᠪᠣᠶᠢᠵᠢᠭᠤᠯᠬᠤ ᠡᠭᠦᠷᠭᠡ ᠶᠢ ᠳᠠᠭᠠᠭᠠᠨ ᠵᠠᠯᠭᠠᠭᠤᠯᠤᠨ᠎ᠠ᠃ ᠤᠯᠤᠰ ᠤᠨ ᠲᠥᠮᠥᠰᠥ ᠶᠢᠨ ᠦᠷ᠎ᠡ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠴᠣᠭᠴᠠᠯᠠᠵᠤ᠂ ᠤᠯᠠᠭᠠᠨᠴᠠᠪ ᠬᠤᠲᠠ᠂ ᠬᠥᠯᠥᠨ ᠪᠤᠶᠢᠷ ᠬᠤᠲᠠ ᠪᠠᠷ ᠭᠤᠣᠯᠳᠠᠯᠭ᠎ᠠ ᠪᠣᠯᠭᠠᠨ᠂ ᠰᠠᠭᠤᠷᠢᠨ ᠭᠠᠵᠠᠷ ᠤᠨ ᠡᠪᠡᠳᠴᠢᠨ ᠬᠤᠷᠣᠬᠠᠢ ᠶᠢᠨ ᠬᠥᠨᠥᠭᠡᠯ ᠤᠨ ᠣᠶᠤᠨᠯᠢᠭ ᠬᠢᠨᠠᠨ ᠬᠡᠮᠵᠢᠯᠲᠡ᠂ ᠬᠥᠷᠥᠰᠥ ᠪᠠᠷ ᠲᠠᠷᠬᠠᠬᠤ ᠪᠠᠺᠲ᠋ᠧᠷᠢ ᠬᠡᠮ ᠤᠨ ᠬᠥᠨᠥᠭᠡᠯ ᠤᠨ ᠰᠡᠷᠭᠡᠶᠢᠯᠡᠯᠲᠡ ᠵᠠᠰᠠᠯᠲᠠ᠂ ᠴᠢᠨᠠᠷ ᠴᠢᠨᠰᠠᠭᠠᠨ ᠤ ᠪᠠᠶᠢᠴᠠᠭᠠᠨ ᠬᠡᠮᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ᠨᠠᠷᠢᠮᠤ ᠪᠠ ᠨᠣᠬᠠᠢ ᠶᠢᠨ ᠬᠤᠰᠢᠭᠤ ᠶᠢᠨ ᠦᠷ᠎ᠡ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠢ ᠴᠣᠭᠴᠠᠯᠠᠵᠤ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠪᠠᠷ ᠭᠤᠣᠯᠳᠠᠯᠭ᠎ᠠ ᠪᠣᠯᠭᠠᠨ᠂ ᠦᠷ᠎ᠡ ᠶᠢᠨ ᠨᠠᠷᠢᠯᠢᠭ ᠰᠣᠩᠭᠤᠯᠲᠠ᠂ ᠬᠠᠳᠠᠭᠠᠬᠤ᠂ ᠥᠩᠭᠡᠯᠡᠬᠦ᠂ ᠦᠷ᠎ᠡ ᠶᠢᠨ ᠬᠥᠮᠥᠷᠭᠡ ᠵᠡᠷᠭᠡ ᠲᠥᠬᠦᠭᠡᠷᠦᠮᠵᠢ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠮᠦᠨ᠎ᠡ ᠣᠷᠣᠨ ᠳᠠᠬᠢ ᠦᠷᠡᠵᠢᠭᠦᠯᠵᠦ ᠪᠣᠶᠢᠵᠢᠭᠤᠯᠤᠨ ᠲᠠᠷᠢᠬᠤ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠡᠭᠦᠯᠳᠡᠷ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     ︵ᠠᠷᠪᠠ︶ ᠮᠠᠯ ᠵᠢᠭᠦᠷᠲᠡᠨ ᠤ ᠦᠷ᠎ᠡ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠮᠠᠯ ᠵᠢᠭᠦᠷᠲᠡᠨ ᠤ ᠡᠭᠦᠯᠳᠡᠷ ᠪᠣᠶᠢᠵᠢᠭᠤᠯᠬᠤ ᠭᠤᠣᠯᠯᠠᠭᠴᠢ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠲᠥᠬᠦᠭᠡᠷᠦᠮᠵᠢ ᠪᠡᠯᠡᠳᠬᠡᠮᠵᠢ ᠶᠢ ᠲᠡᠭᠦᠯᠳᠡᠷᠵᠢᠭᠦᠯᠦᠨ᠂ ᠲᠡᠵᠢᠭᠡᠨ ᠪᠣᠷᠳᠣᠬᠤ ᠬᠠᠮᠢᠶᠠᠷᠤᠯᠲᠠ ᠶᠢᠨ ᠠᠦ᠋ᠲ᠋ᠣᠴᠢᠯᠠᠯᠲᠠ᠂ ᠬᠡᠮᠵᠢᠨ ᠲᠣᠭᠲᠠᠭᠠᠯᠲᠠ ᠦᠨᠡᠯᠡᠨ ᠵᠢᠱᠢᠯᠲᠡ ᠶᠢᠨ ᠣᠶᠤᠨᠴᠢᠯᠠᠯᠲᠠ᠂ ᠬᠢᠵᠢᠭ ᠡᠪᠡᠳᠴᠢᠨ ᠢ ᠰᠡᠷᠭᠡᠶᠢᠯᠡᠨ ᠳᠠᠷᠤᠬᠤ ᠶᠢᠨ ᠪᠣᠰᠤᠭ᠎ᠠ ᠴᠣᠭᠴᠠᠲᠤ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠪᠦᠷᠢᠯᠡᠯ ᠤᠨ ᠴᠢᠨᠰᠠᠭ᠎ᠠ ᠶᠢᠨ ᠬᠡᠮᠵᠢᠨ ᠲᠣᠭᠲᠠᠭᠠᠯᠲᠠ ᠵᠢᠴᠢ ᠤᠳᠤᠮᠯᠠᠯ ᠤᠨ ᠦᠨᠡᠯᠡᠨ ᠵᠢᠱᠢᠯᠲᠡ ᠶᠢ ᠵᠢᠷᠤᠮᠵᠢᠭᠤᠨ ᠪᠥᠭᠡᠳ ᠨᠢᠭᠡᠳᠦᠯᠲᠡᠢ ᠥᠷᠨᠢᠭᠦᠯᠦᠨ᠂ ᠵᠢᠯ ᠪᠣᠯᠭᠠᠨ ᠲᠠᠯᠠᠪᠠᠢ ᠪᠦᠷᠢ ᠳᠤ ᠦᠬᠡᠷ ᠢ 200 ᠠᠴᠠ ᠳᠡᠭᠡᠭᠰᠢ᠂ ᠬᠤᠨᠢ ᠢᠮᠠᠭ᠎ᠠ ᠶᠢ 800 ᠠᠴᠠ ᠳᠡᠭᠡᠭᠰᠢ᠂ ᠭᠠᠭ᠋ᠠᠢ  ᠶᠢ 1000 ᠠᠴᠠ ᠳᠡᠭᠡᠭᠰᠢ ᠬᠡᠮᠵᠢᠨ ᠲᠣᠭᠲᠠᠭᠠᠵᠤ᠂ ᠡᠭᠦᠯᠳᠡᠷ ᠤᠨ ᠮᠠᠯ ᠤᠨ ᠲᠤᠭ᠎ᠠ ᠬᠡᠮᠵᠢᠶ᠎ᠡ ᠶᠢ ᠥᠷᠭᠡᠳᠬᠡᠨ᠂ ᠡᠭᠦᠯᠳᠡᠷ ᠤᠨ ᠮᠠᠯ ᠤᠨ ᠴᠢᠨᠠᠷ ᠢ ᠨᠢ ᠳᠡᠭᠡᠭᠰᠢᠯᠡᠭᠦᠯᠵᠦ᠂ ᠦᠷ᠎ᠡ ᠡᠭᠦᠯᠳᠡᠷ ᠬᠠᠩᠭᠠᠬᠤ ᠴᠢᠳᠠᠪᠤᠷᠢ ᠶᠢ ᠵᠢᠯ ᠳᠤ 10% ᠪᠠᠷ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤᠬᠢ ᠲᠡᠷᠢᠭᠦᠨ ᠳᠡᠰ ᠤᠨ ᠮᠠᠯ ᠵᠢᠭᠦᠷᠲᠡᠨ ᠤ ᠡᠭᠦᠯᠳᠡᠷ ᠤᠨ ᠢᠷᠡᠯᠲᠡ ᠶᠢᠨ ᠰᠠᠭᠤᠷᠢᠨ ᠢ ᠴᠣᠭᠴᠠᠯᠠᠨ᠎ᠠ᠃ ᠦᠬᠡᠷ᠂ ᠬᠤᠨᠢ ᠢᠮᠠᠭᠠᠨ ᠤ ᠡᠭᠦᠯᠳᠡᠷ ᠪᠣᠶᠢᠵᠢᠭᠤᠯᠬᠤ ᠭᠤᠣᠯᠯᠠᠭᠴᠢ ᠲᠠᠯᠠᠪᠠᠢ ᠳᠤ ᠵᠢᠯ ᠪᠣᠯᠭᠠᠨ ᠲᠣᠰ ᠪᠦᠷᠢ 60 ᠲᠦᠮᠡᠨ ᠲᠥᠭᠦᠷᠢᠭ᠂ 40 ᠲᠦᠮᠡᠨ ᠲᠥᠭᠦᠷᠢᠭ ᠠᠴᠠ ᠳᠡᠭᠡᠭᠰᠢᠬᠢ ᠨᠥᠬᠦᠪᠦᠷᠢ ᠣᠯᠭᠤᠵᠤ᠂ ᠬᠢᠨᠠᠨ ᠬᠡᠮᠵᠢᠯᠲᠡ ᠦᠨᠡᠯᠡᠨ ᠵᠢᠱᠢᠯᠲᠡ ᠳᠤ ᠬᠢᠷᠢ ᠲᠡᠩᠴᠡᠭᠰᠡᠨ ᠦᠭᠡᠢ ᠶᠢ ᠨᠢ ᠬᠥᠳᠡᠯᠦᠩᠭᠦᠢ ᠪᠠᠷ ᠪᠤᠴᠠᠭᠠᠨ ᠭᠠᠷᠭᠠᠬᠤ ᠶᠢ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     ︵ᠠᠷᠪᠠᠨ ᠨᠢᠭᠡ︶ ᠣᠢ ᠮᠣᠳᠣ ᠡᠪᠡᠰᠦᠨ ᠤ ᠦᠷ᠎ᠡ ᠶᠢᠨ ᠴᠢᠬᠢ ᠶᠢᠨ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠨ᠎ᠠ᠃ ᠡᠪᠡᠰᠦᠨ ᠤ ᠦᠷ᠎ᠡ ᠶᠢ ᠦᠷᠡᠵᠢᠭᠦᠯᠵᠦ ᠪᠣᠶᠢᠵᠢᠭᠤᠯᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠪᠡᠰᠦᠨ ᠤ ᠦᠷ᠎ᠡ ᠦᠷᠡᠵᠢᠭᠦᠯᠵᠦ ᠪᠣᠶᠢᠵᠢᠭᠤᠯᠬᠤ ᠭᠤᠣᠯᠳᠠᠯᠭ᠎ᠠ ᠲᠠᠢ ᠭᠠᠵᠠᠷ ᠣᠷᠣᠨ ᠤ ᠨᠢᠭᠡ ᠪᠦᠯᠦᠭ ᠥᠨᠳᠥᠷ ᠪᠠᠷᠢᠮᠵᠢᠶᠠᠲᠤ ᠡᠪᠡᠰᠦᠨ ᠤ ᠦᠷ᠎ᠡ ᠦᠷᠡᠵᠢᠭᠦᠯᠵᠦ ᠪᠣᠶᠢᠵᠢᠭᠤᠯᠬᠤ ᠰᠠᠭᠤᠷᠢᠨ ᠭᠠᠵᠠᠷ ᠢ ᠰᠢᠨᠵᠢᠯᠡᠬᠦ ᠤᠬᠠᠭᠠᠨᠴᠢ ᠣᠨᠣᠴᠠᠲᠠᠢ ᠪᠠᠷ ᠪᠠᠶᠢᠷᠢᠰᠢᠭᠤᠯᠬᠤ ᠶᠢ ᠨᠢ ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠪᠠ ᠠᠮᠢ ᠠᠬᠤᠢ ᠶᠢᠨ ᠰᠡᠯᠪᠢᠯᠲᠡ ᠳᠤ ᠬᠡᠷᠡᠭᠰᠡᠬᠦ ᠦᠷ᠎ᠡ ᠡᠭᠦᠯᠳᠡᠷ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠪᠠᠷ ᠬᠠᠷᠠᠯᠲᠠ ᠪᠠᠨ ᠪᠣᠯᠭᠠᠵᠤ᠂ ᠭᠠᠵᠠᠷ ᠰᠢᠷᠣᠢ᠂ ᠪᠡᠯᠡ ᠮᠥᠩᠭᠦ᠂ ᠲᠥᠷᠥᠯ ᠵᠦᠢᠯ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠠᠷᠢᠮᠵᠢᠶᠠᠵᠢᠭᠰᠠᠨ᠂ ᠡᠷᠴᠢᠮᠵᠢᠭᠰᠡᠨ᠂ ᠬᠡᠪᠴᠢᠶᠡᠵᠢᠭᠰᠡᠨ ᠡᠪᠡᠰᠦᠨ ᠤ ᠦᠷ᠎ᠡ ᠦᠷᠡᠵᠢᠭᠦᠯᠵᠦ ᠪᠣᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠢᠶᠠᠭ ᠤᠨ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠴᠣᠭᠴᠠᠯᠠᠵᠤ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ ᠪᠠᠷ ᠭᠤᠣᠯᠳᠠᠯᠭ᠎ᠠ ᠪᠣᠯᠭᠠᠨ᠂ ᠬᠤᠵᠢᠷᠯᠢᠭ ᠭᠠᠵᠠᠷ᠂ ᠡᠯᠡᠰᠦᠷᠬᠡᠭ ᠭᠠᠵᠠᠷ ᠤᠨ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠵᠤ᠂ ᠭᠠᠵᠠᠷ ᠰᠣᠩᠭᠤᠬᠤ ᠭᠠᠵᠠᠷ ᠬᠡᠷᠡᠭᠯᠡᠬᠦ ᠪᠠᠲᠤᠯᠠᠭ᠎ᠠ ᠶᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠢ ᠲᠥᠷᠥᠯ ᠢᠶᠠᠷ ᠲᠤᠯᠭᠠᠭᠤᠷᠢᠯᠠᠵᠤ᠂ ᠲᠠᠷᠢᠬᠤ᠂ ᠬᠤᠷᠢᠶᠠᠬᠤ᠂ ᠢᠯᠭᠠᠷᠠᠭᠤᠯᠤᠨ ᠰᠣᠩᠭᠤᠬᠤ ᠳᠤ ᠲᠤᠰᠬᠠᠢ ᠬᠡᠷᠡᠭᠯᠡᠬᠦ ᠮᠧᠬᠠᠨᠢᠭ ᠢ ᠰᠤᠳᠤᠯᠤᠨ ᠦᠢᠯᠡᠳᠬᠦ ᠶᠢ ᠵᠣᠬᠢᠶᠠᠨ ᠪᠠᠶᠢᠭᠤᠯᠤᠨ᠎ᠠ︔ ᠴᠠᠷᠭᠠᠰᠤᠨ ᠤ ᠦᠷᠡᠵᠢᠭᠦᠯᠵᠦ ᠪᠣᠶᠢᠵᠢᠭᠤᠯᠬᠤ ᠰᠠᠭᠤᠷᠢᠨ ᠭᠠᠵᠠᠷ ᠢ ᠴᠣᠭᠴᠠᠯᠠᠵᠤ᠂ ᠬᠥᠬᠡᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠪᠠᠷ ᠭᠤᠣᠯᠳᠠᠯᠭ᠎ᠠ ᠪᠣᠯᠭᠠᠨ᠂ ᠲᠥᠪᠯᠡᠷᠡᠨ ᠵᠠᠯᠭᠠᠯᠳᠤᠭᠰᠠᠨ ᠬᠡᠪᠴᠢᠶᠡᠵᠢᠭᠰᠡᠨ ᠦᠢᠯᠡᠳᠪᠦᠷᠢᠯᠡᠯ ᠢ ᠬᠥᠭᠵᠢᠭᠦᠯᠵᠦ᠂ ᠦᠷ᠎ᠡ ᠶᠢᠨ ᠶᠠᠰᠤ ᠴᠢᠨᠠᠷ ᠢ ᠮᠥᠷᠳᠡᠨ ᠬᠠᠮᠢᠶᠠᠷᠬᠤ ᠶᠢ ᠥᠷᠨᠢᠭᠦᠯᠦᠨ᠂ ᠰᠠᠶᠢᠨ ᠦᠷ᠎ᠡ ᠡᠭᠦᠯᠳᠡᠷ ᠤᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠲᠥᠬᠦᠷ ᠦᠢᠯᠡᠳᠪᠦᠷᠢᠯᠡᠯ ᠤᠨ ᠮᠧᠬᠠᠨᠢᠭ ᠢ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠨ᠎ᠡ︔ ᠠᠮᠢ ᠠᠬᠤᠢ ᠶᠢᠨ ᠰᠡᠯᠪᠢᠯᠲᠡ ᠳᠤ ᠬᠡᠷᠡᠭᠰᠡᠬᠦ ᠡᠪᠡᠰᠦᠨ ᠤ ᠦᠷ᠎ᠡ ᠶᠢ ᠦᠷᠡᠵᠢᠭᠦᠯᠵᠦ ᠪᠣᠶᠢᠵᠢᠭᠤᠯᠬᠤ ᠰᠠᠭᠤᠷᠢᠨ ᠢ ᠴᠣᠭᠴᠠᠯᠠᠵᠤ᠂ ᠤᠯᠠᠭᠠᠨᠬᠠᠳᠠ ᠬᠤᠲᠠ ᠪᠠ ᠰᠢᠯᠢ ᠶᠢᠨ ᠭᠤᠣᠯ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢᠶᠠᠷ ᠭᠤᠣᠯᠳᠠᠯᠭ᠎ᠠ ᠪᠣᠯᠭᠠᠨ᠂ ᠰᠥᠷᠬᠦ ᠶᠢ ᠳᠠᠭᠠᠭᠠᠬᠤ ᠴᠢᠳᠠᠪᠤᠷᠢ ᠪᠠᠷ ᠴᠢᠩᠭ᠎ᠠ᠂ ᠲᠣᠬᠢᠷᠠᠯᠴᠠᠬᠤ ᠬᠡᠪᠴᠢᠶ᠎ᠡ ᠪᠠᠷ ᠥᠷᠭᠡᠨ ᠠᠮᠢ ᠠᠬᠤᠢ ᠶᠢᠨ ᠬᠡᠷᠡᠭᠯᠡᠭᠡᠨ ᠤ ᠡᠪᠡᠰᠦᠨ ᠤ ᠦᠷ᠎ᠡ ᠶᠢ ᠨᠡᠩ ᠣᠯᠠᠨ ᠦᠷᠡᠵᠢᠭᠦᠯᠵᠦ ᠪᠣᠶᠢᠵᠢᠭᠤᠯᠤᠨ᠂ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢᠨ ᠰᠡᠯᠪᠢᠯᠲᠡ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ᠂ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠪᠠ ᠡᠯᠡᠰᠦᠷᠬᠡᠭ ᠭᠠᠵᠠᠷ ᠤᠨ ᠵᠠᠰᠠᠯᠲᠠ᠂ ᠬᠤᠵᠢᠷᠯᠢᠭ ᠭᠠᠵᠠᠷ ᠲᠤ ᠳᠡᠯᠭᠡᠷᠡᠭᠦᠯᠬᠦ ᠳᠤ ᠲᠣᠬᠢᠷᠠᠬᠤ ᠠᠳᠠᠯᠢ ᠪᠤᠰᠤ ᠲᠥᠷᠥᠯ ᠤᠨ ᠠᠮᠢ ᠠᠬᠤᠢ ᠶᠢᠨ ᠰᠡᠯᠪᠢᠯᠲᠡ ᠳᠤ ᠬᠡᠷᠡᠭᠰᠡᠬᠦ ᠦᠷ᠎ᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠥᠪᠥᠷ ᠮᠣᠩᠭᠤᠯ ᠢ ᠪᠥᠬᠦ ᠤᠯᠤᠰ ᠤᠨ ᠬᠠᠮᠤᠭ ᠤᠨ ᠶᠡᠭᠡ ᠡᠪᠡᠰᠦᠨ ᠤ ᠦᠷ᠎ᠡ ᠦᠷᠡᠵᠢᠭᠦᠯᠵᠦ ᠪᠣᠶᠢᠵᠢᠭᠤᠯᠬᠤ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ ᠰᠢᠨ᠎ᠡ ᠪᠠᠷ ᠪᠠᠶᠢᠭᠤᠯᠤᠭᠰᠠᠨ ᠪᠠᠲᠤᠯᠠᠭ᠎ᠠ ᠶᠢᠨ ᠴᠢᠨᠠᠷᠲᠠᠢ ᠴᠢᠬᠢ ᠮᠣᠳᠣᠨ ᠤ ᠬᠦᠷᠢᠶᠡᠯᠡᠩ ᠳᠤ ᠨᠥᠬᠦᠪᠦᠷᠢ ᠱᠠᠩᠨᠠᠯ ᠣᠯᠭᠤᠬᠤ ᠶᠢ ᠳᠡᠮᠵᠢᠨ᠎ᠡ᠃ ᠰᠢᠬᠢᠷ ᠡᠪᠡᠰᠦ᠂ ᠬᠤᠨᠴᠢᠷ᠂ ᠤᠯᠠᠭᠠᠨ ᠴᠠᠨ᠎ᠠ᠂ ᠴᠠᠭᠠᠨ ᠭᠤᠶᠣᠣ᠂ ᠤᠯᠠᠭᠠᠨ ᠭᠤᠶᠣᠣ᠂ ᠬᠤᠷᠳᠤᠨ ᠴᠠᠭᠠᠨ᠂ ᠴᠢᠴᠠᠷᠭᠠᠨ᠎ᠠ᠂ ᠴᠠᠭᠠᠨ ᠰᠣᠷᠣᠯᠣ᠂ ᠱᠦᠬᠦᠷᠭᠡᠨ᠎ᠡ ᠵᠡᠷᠭᠡ ᠥᠪᠡᠷᠮᠢᠴᠡ ᠣᠨᠴᠠᠯᠢᠭ ᠲᠠᠢ ᠬᠢᠲᠠᠳ ︵ᠮᠣᠩᠭᠤᠯ︶ ᠡᠮ ᠤᠨ ᠮᠠᠲ᠋ᠧᠷᠢᠶᠠᠯ ᠤᠨ ᠰᠠᠶᠢᠨ ᠦᠷ᠎ᠡ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠠᠵᠢᠯ ᠥᠷᠨᠢᠭᠦᠯᠬᠦ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     ︵ᠠᠷᠪᠠᠨ ᠬᠤᠶᠠᠷ︶ ᠰᠠᠭᠤᠷᠢᠨ ᠭᠠᠵᠠᠷ ᠤᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠎ᠠ᠃ ᠲᠥᠷᠥ ᠶᠢᠨ ᠪᠣᠳᠣᠯᠭ᠎ᠠ ᠪᠠ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠤᠷᠢᠳ ᠢᠶᠠᠷ ᠨᠥᠬᠦᠴᠡᠯ ᠳᠤ ᠨᠡᠶᠢᠴᠡᠬᠦ ᠲᠠᠷᠢᠮᠠᠯ ᠤᠨ ᠦᠷ᠎ᠡ ᠶᠢᠨ ᠰᠠᠭᠤᠷᠢᠨ ᠭᠠᠵᠠᠷ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠳᠡᠭᠡᠭᠰᠢᠯᠡᠭᠦᠯᠵᠦ᠂ ᠦᠷ᠎ᠡ ᠦᠢᠯᠡᠳᠪᠦᠷᠢᠯᠡᠬᠦ ᠳᠠᠪᠠᠭᠤᠯᠢᠭ ᠰᠠᠭᠤᠷᠢᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠳᠤ ᠬᠤᠪᠢᠶᠠᠷᠢᠯᠠᠨ ᠣᠷᠣᠭᠤᠯᠬᠤ ᠶᠢᠨ ᠬᠠᠮᠲᠤ ᠦᠨᠳᠦᠰᠦᠨ ᠲᠠᠷᠢᠶᠠᠨ ᠭᠠᠵᠠᠷ ᠤᠨ ᠬᠡᠪᠴᠢᠶᠡᠨ ᠳᠤ ᠣᠷᠣᠭᠤᠯᠵᠤ ᠬᠠᠮᠠᠭᠠᠯᠠᠨ᠎ᠠ᠃ ᠲᠠᠷᠢᠶᠠᠯᠠᠬᠤ ᠭᠠᠵᠠᠷ ᠤᠨ ᠥᠨᠵᠢᠭᠦᠯᠦᠨ ᠲᠠᠷᠢᠬᠤ ᠲᠥᠷᠥᠯ ᠵᠦᠢᠯ ᠢ ᠬᠡᠷᠡᠭᠵᠢᠭᠦᠯᠬᠦ ᠱᠠᠭᠠᠷᠳᠠᠯᠭ᠎ᠠ ᠳᠤ ᠨᠡᠶᠢᠴᠡᠭᠰᠡᠨ ᠰᠠᠶᠢᠨ ᠦᠷ᠎ᠡ ᠪᠣᠶᠢᠵᠢᠭᠤᠯᠬᠤ ᠰᠠᠭᠤᠷᠢᠨ ᠭᠠᠵᠠᠷ ᠲᠤ ᠪᠣᠯ ᠲᠠᠷᠢᠶᠠᠯᠠᠬᠤ ᠭᠠᠵᠠᠷ ᠤᠨ ᠥᠨᠵᠢᠭᠦᠯᠦᠨ ᠲᠠᠷᠢᠬᠤ ᠲᠥᠷᠥᠯ ᠵᠦᠢᠯ ᠪᠥᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠪᠠᠷ ᠰᠠᠶᠢᠨ ᠦᠷ᠎ᠡ ᠪᠣᠶᠢᠵᠢᠭᠤᠯᠬᠤ ᠰᠠᠭᠤᠷᠢᠨ ᠭᠠᠵᠠᠷ ᠢ ᠤᠷᠢᠳ ᠢᠶᠠᠷ ᠬᠠᠮᠤᠷᠤᠭᠤᠯᠵᠤ᠂ ᠬᠠᠭᠠᠯᠪᠤᠷᠢᠯᠠᠬᠤ᠂ ᠲᠠᠷᠢᠬᠤ᠂ ᠬᠠᠮᠢᠶᠠᠷᠬᠤ᠂ ᠬᠤᠷᠢᠶᠠᠬᠤ᠂ ᠨᠥᠭᠡᠴᠡᠯᠡᠬᠦ ᠵᠡᠷᠭᠡ ᠦᠢᠯᠡᠴᠢᠯᠡᠭᠡ ᠥᠷᠨᠢᠭᠦᠯᠦᠨ᠎ᠡ᠃ ᠬᠡᠪᠴᠢᠶ᠎ᠡ ᠲᠠᠢ ᠢᠲᠡᠭᠡᠮᠵᠢ ᠣᠯᠭᠤᠬᠤ ᠳᠦᠷᠢᠮ ᠢ ᠬᠡᠷᠡᠭᠵᠢᠭᠦᠯᠵᠦ᠂ ᠬᠢᠨᠠᠨ ᠬᠠᠮᠢᠶᠠᠷᠬᠤ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠰᠠᠶᠢᠨ ᠦᠷ᠎ᠡ ᠪᠣᠶᠢᠵᠢᠭᠤᠯᠬᠤ ᠰᠠᠭᠤᠷᠢᠨ ᠭᠠᠵᠠᠷ ᠢ ᠬᠠᠮᠢᠶᠠᠷᠬᠤ ᠦᠢᠯᠡᠴᠢᠯᠡᠭᠡᠨ ᠤ ᠲᠡᠭᠦᠯᠳᠡᠷ ᠲᠣᠭᠲᠠᠴᠠ ᠶᠢ ᠪᠦᠷᠢᠯᠳᠦᠭᠦᠯᠦᠨ᠎ᠡ᠃ ᠡᠪᠡᠰᠦᠨ ᠦᠷ᠎ᠡ ᠶᠢᠨ ᠦᠢᠯᠡᠳᠪᠦᠷᠢᠯᠡᠯ ᠤᠨ ᠣᠷᠣᠨ ᠢ ᠦᠨᠳᠦᠰᠦᠯᠡᠨ ᠤᠰᠤ ᠠᠷᠪᠢᠯᠠᠵᠤ ᠤᠰᠤᠯᠠᠬᠤ ᠨᠥᠬᠦᠴᠡᠯ ᠲᠠᠢ᠂ ᠲᠥᠪᠯᠡᠷᠡᠨ ᠵᠠᠯᠭᠠᠯᠳᠤᠭᠰᠠᠨ ᠮᠥᠷᠲᠡᠭᠡᠨ ᠮᠧᠬᠠᠨᠢᠭᠵᠢᠭᠰᠠᠨ ᠦᠢᠯᠡᠳᠪᠦᠷᠢᠯᠡᠯ ᠳᠤ ᠲᠣᠬᠢᠷᠠᠬᠤ ᠡᠩ ᠤᠨ ᠲᠠᠷᠢᠶᠠᠯᠠᠬᠤ ᠭᠠᠵᠠᠷ᠂ ᠲᠡᠵᠢᠭᠡᠯ ᠡᠪᠡᠰᠦᠨ ᠤ ᠭᠠᠵᠠᠷ ᠪᠠ ᠲᠠᠷᠢᠶᠠᠯᠠᠬᠤ ᠪᠠᠨ ᠵᠣᠭᠰᠣᠵᠤ ᠪᠡᠯᠴᠢᠭᠡᠷ ᠢ ᠰᠡᠷᠭᠦᠭᠡᠬᠦ ᠭᠠᠵᠠᠷ ᠵᠡᠷᠭᠡ ᠭᠠᠵᠠᠷ ᠤᠨ ᠲᠥᠷᠥᠯ ᠢ ᠬᠤᠪᠢᠶᠠᠷᠢᠯᠠᠨ ᠲᠣᠭᠲᠠᠭᠠᠵᠤ᠂ ᠥᠨᠳᠥᠷ ᠪᠠᠷᠢᠮᠵᠢᠶᠠᠲᠤ ᠡᠪᠡᠰᠦᠨ ᠦᠷ᠎ᠡ ᠦᠷᠡᠵᠢᠭᠦᠯᠵᠦ ᠪᠣᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ᠳᠥᠷᠪᠡ᠂ ᠱᠠᠩᠨᠠᠯ ᠬᠥᠬᠢᠭᠦᠯᠦᠯ ᠢ ᠡᠯᠪᠡᠭᠵᠢᠭᠦᠯᠦᠨ ᠲᠣᠭᠲᠠᠴᠠ ᠪᠠᠶᠢᠭᠤᠯᠵᠤ᠂ ᠰᠢᠯᠢᠳᠡᠭ ᠰᠠᠶᠢᠨ ᠦᠷ᠎ᠡ ᠡᠭᠦᠯᠳᠡᠷ ᠢ ᠳᠡᠯᠭᠡᠷᠡᠭᠦᠯᠦᠨ ᠬᠡᠷᠡᠭᠯᠡᠬᠦ ᠠᠬᠢᠴᠠ ᠪᠠᠨ ᠲᠦᠷᠭᠡᠳᠬᠡᠨ᠎ᠡ    ︵ᠠᠷᠪᠠᠨ ᠭᠤᠷᠪᠠ︶ ᠰᠠᠶᠢᠨ ᠦᠷ᠎ᠡ ᠡᠭᠦᠯᠳᠡᠷ ᠲᠠᠢ ᠪᠤᠯᠭᠠᠬᠤ ᠬᠢᠷᠢ ᠲᠦᠪᠰᠢᠨ ᠢᠶᠠᠨ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠲᠠᠷᠢᠶ᠎ᠠ ᠦᠵᠡᠵᠦ ᠦᠷ᠎ᠡ ᠰᠣᠩᠭᠤᠬᠤ ᠲᠠᠪᠴᠠᠩ ᠢ ᠪᠠᠶᠢᠭᠤᠯᠵᠤ᠂ ᠪᠥᠬᠦ ᠣᠷᠣᠨ ᠳᠤ ᠲᠠᠷᠢᠮᠠᠯ ᠤᠨ ᠥᠨᠳᠥᠷ ᠤᠨᠠᠯᠲᠠᠲᠤ᠂ ᠴᠢᠨᠠᠷ ᠰᠠᠶᠢᠲᠠᠢ᠂ ᠪᠣᠬᠢᠷᠲᠤᠯ ᠦᠭᠡᠢ ᠰᠢᠨ᠎ᠡ ᠦᠷ᠎ᠡ ᠡᠭᠦᠯᠳᠡᠷ ᠤᠨ  ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠢ 60 ᠪᠠᠶᠢᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠨᠠᠷᠠᠨ ᠬᠤᠸᠠᠷ᠂ ᠡᠯᠳᠡᠪ ᠠᠮᠤ ᠬᠤᠯᠢᠮᠠᠭ ᠪᠤᠷᠴᠠᠭ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠣᠷᠣᠨ ᠪᠦᠰᠡ ᠶᠢᠨ ᠴᠢᠨᠠᠷᠲᠠᠢ 5 ᠲᠠᠪᠴᠠᠩ ᠢ ᠭᠤᠣᠯᠳᠠᠯᠭ᠎ᠠ ᠲᠠᠢ ᠴᠣᠭᠴᠠᠯᠠᠨ᠂ ᠰᠢᠨ᠎ᠡ ᠦᠷ᠎ᠡ ᠡᠭᠦᠯᠳᠡᠷ ᠢ ᠳᠡᠯᠭᠡᠨ ᠦᠵᠡᠭᠦᠯᠵᠦ ᠦᠨᠡᠯᠡᠬᠦ ᠪᠠ ᠠᠮᠤᠷ ᠲᠦᠪᠰᠢᠨ ᠴᠢᠨᠠᠷ ᠢ ᠨᠢ ᠬᠢᠨᠠᠨ ᠰᠢᠨᠵᠢᠬᠦ ᠠᠵᠢᠯ ᠢ ᠲᠥᠪᠯᠡᠷᠡᠭᠦᠯᠦᠨ ᠥᠷᠨᠢᠭᠦᠯᠵᠦ᠂ ᠰᠠᠶᠢᠨ ᠦᠷ᠎ᠡ ᠡᠭᠦᠯᠳᠡᠷ ᠢ ᠲᠠᠨᠢᠯᠴᠠᠭᠤᠯᠬᠤ ᠨᠡᠷᠡᠰ ᠤᠨ ᠭᠠᠷᠴᠠᠭ ᠢ ᠨᠠᠶᠢᠷᠠᠭᠤᠯᠤᠨ ᠨᠡᠶᠢᠲᠡᠯᠡᠵᠦ᠂ ᠦᠷ᠎ᠡ ᠡᠭᠦᠯᠳᠡᠷ ᠬᠡᠷᠡᠭᠯᠡᠬᠦ ᠦᠷ᠎ᠡ ᠡᠭᠦᠯᠳᠡᠷ ᠬᠠᠩᠭᠠᠬᠤ ᠤᠬᠠᠭᠤᠯᠭ᠎ᠠ ᠪᠣᠯᠪᠠᠰᠤᠷᠠᠯ ᠢᠶᠠᠨ ᠴᠢᠩᠭᠠᠳᠬᠠᠵᠤ᠂ ᠲᠠᠷᠢᠶᠠᠴᠢᠳ ᠤᠨ ᠦᠢᠯᠡᠳᠪᠦᠷᠢᠯᠡᠯ ᠳᠤ ᠦᠷ᠎ᠡ ᠡᠭᠦᠯᠳᠡᠷ ᠰᠣᠩᠭᠤᠬᠤ ᠦᠷ᠎ᠡ ᠡᠭᠦᠯᠳᠡᠷ ᠬᠡᠷᠡᠭᠯᠡᠬᠦ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ ᠦᠷ᠎ᠡ ᠶᠢᠨ ᠴᠢᠨᠠᠷ ᠤᠨ ᠭᠡᠷᠡᠴᠢᠯᠡᠭᠡ ᠶᠢ ᠥᠷᠨᠢᠭᠦᠯᠵᠦ᠂ ᠰᠢᠯᠢᠳᠡᠭ ᠠᠵᠤ ᠠᠬᠤᠶᠢᠯᠠᠯ ᠤᠨ ᠴᠢᠨᠠᠷ ᠰᠠᠶᠢᠲᠠᠢ ᠦᠷ᠎ᠡ ᠡᠭᠦᠯᠳᠡᠷ ᠨᠢ ᠭᠡᠷᠡᠴᠢᠯᠡᠯᠲᠡ ᠪᠠᠷ ᠳᠠᠮᠵᠢᠭᠠᠳ ᠴᠢᠨᠠᠷ ᠰᠠᠶᠢᠲᠠᠢ ᠨᠢ ᠰᠠᠶᠢᠨ ᠦᠨ᠎ᠡ ᠶᠢ ᠪᠡᠶᠡᠯᠡᠭᠦᠯᠬᠦ ᠶᠢ ᠨᠢ ᠵᠣᠷᠢᠭᠵᠢᠭᠤᠯᠵᠤ᠂ ᠦᠷ᠎ᠡ ᠶᠢᠨ ᠲᠥᠮᠥᠰᠥᠨ ᠳᠤ ᠴᠢᠨᠠᠷ ᠤᠨ ᠭᠡᠷᠡᠴᠢᠯᠡᠯᠲᠡ ᠬᠢᠭᠰᠡᠨ ᠲᠠᠯᠠᠪᠠᠢ ᠶᠢ ᠵᠢᠯ ᠪᠦᠷᠢ 4000 ᠮᠦ ᠠᠴᠠ ᠳᠣᠣᠷ᠎ᠠ ᠦᠭᠡᠢ ᠪᠠᠶᠢᠯᠭᠠᠨ᠂ ᠮᠦ ᠪᠦᠷᠢ ᠳᠤ   ᠨᠢ 1000 ᠲᠥᠭᠦᠷᠢᠭ ᠤᠨ ᠨᠡᠮᠡᠭᠦᠷᠢ ᠣᠯᠭᠤᠵᠤ᠂ ᠡᠷᠳᠡᠨᠢ ᠰᠢᠰᠢ ᠶᠢᠨ ᠦᠷ᠎ᠡ ᠳᠤ ᠴᠢᠨᠠᠷ ᠤᠨ ᠭᠡᠷᠡᠴᠢᠯᠡᠯᠲᠡ ᠬᠢᠭᠰᠡᠨ ᠲᠠᠯᠠᠪᠠᠢ ᠶᠢ ᠵᠢᠯ ᠪᠦᠷᠢ 2 ᠲᠦᠮᠡᠨ ᠮᠦ ᠠᠴᠠ ᠳᠣᠣᠷ᠎ᠠ ᠦᠭᠡᠢ ᠪᠠᠶᠢᠯᠭᠠᠨ᠂ ᠮᠦ ᠪᠦᠷᠢ ᠳᠤ ᠨᠢ 200 ᠲᠥᠭᠦᠷᠢᠭ ᠤᠨ ᠨᠡᠮᠡᠭᠦᠷᠢ ᠣᠯᠭᠤᠵᠤ᠂ ᠰᠢᠷ᠎ᠠ ᠪᠤᠷᠴᠠᠭ ᠤᠨ ᠦᠷ᠎ᠡ ᠳᠤ ᠴᠢᠨᠠᠷ ᠤᠨ ᠭᠡᠷᠡᠴᠢᠯᠡᠯᠲᠡ ᠬᠢᠭᠰᠡᠨ ᠲᠠᠯᠠᠪᠠᠢ  ᠶᠢ ᠵᠢᠯ ᠪᠦᠷᠢ 1 ᠲᠦᠮᠡᠨ ᠮᠦ ᠠᠴᠠ ᠳᠣᠣᠷ᠎ᠠ ᠦᠭᠡᠢ ᠪᠠᠶᠢᠯᠭᠠᠨ᠂ ᠮᠦ ᠪᠦᠷᠢ ᠳᠤ ᠨᠢ 200 ᠲᠥᠭᠦᠷᠢᠭ ᠤᠨ ᠨᠡᠮᠡᠭᠦᠷᠢ ᠣᠯᠭᠤᠨ᠎ᠠ᠃ ᠮᠠᠯ ᠵᠢᠭᠦᠷᠲᠡᠨ ᠤ ᠰᠠᠶᠢᠨ ᠡᠭᠦᠯᠳᠡᠷ ᠢ ᠳᠡᠯᠭᠡᠷᠡᠭᠦᠯᠬᠦ ᠶᠢ ᠲᠦᠷᠭᠡᠳᠬᠡᠵᠦ᠂ ᠭᠠᠭ᠋ᠠᠢ ᠦᠬᠡᠷ ᠬᠤᠨᠢ ᠢᠮᠠᠭᠠᠨ ᠤ ᠰᠠᠶᠢᠨ ᠡᠭᠦᠯᠳᠡᠷ ᠲᠤ ᠨᠡᠮᠡᠭᠦᠷᠢ ᠣᠯᠭᠤᠬᠤ ᠶᠢ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠶᠢᠨ ᠰᠠᠶᠢᠨ ᠡᠭᠦᠯᠳᠡᠷ ᠤᠨ ᠢᠴᠡᠭᠡᠯ ᠦᠷ᠎ᠡ᠂ ᠴᠢᠨᠠᠷ ᠰᠠᠶᠢᠲᠠᠢ ᠤᠬᠤᠨ᠎ᠠ ᠬᠤᠴᠠ ᠪᠠᠷ ᠦᠷᠡᠵᠢᠭᠦᠯᠵᠦ ᠪᠣᠶᠢᠵᠢᠭᠤᠯᠬᠤ ᠶᠢ ᠳᠡᠮᠵᠢᠨ᠎ᠡ᠃ ᠰᠦ ᠰᠠᠭᠠᠯᠢ ᠶᠢᠨ ᠦᠢᠯᠡᠰ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠵᠤ ᠳᠡᠯᠭᠡᠷᠡᠭᠦᠯᠦᠭᠰᠡᠨ ᠱᠠᠩᠨᠠᠯ ᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠰᠠᠭᠠᠯᠢ ᠶᠢᠨ ᠦᠨᠢᠶᠡᠨ ᠤ ᠬᠦᠢᠰᠦ ᠶᠢᠨ ᠢᠯᠭᠠᠯ ᠪᠦᠬᠦᠢ ᠬᠥᠪᠥᠷᠡᠯ᠂ ᠢᠴᠡᠭᠡᠯ ᠦᠷ᠎ᠡ ᠶᠢ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠠᠷᠪᠠᠨ ᠳᠥᠷᠪᠡ︶ ᠲᠠᠷᠢᠮᠠᠯ ᠣᠢ ᠮᠣᠳᠣ ᠡᠪᠡᠰᠦᠨ ᠤ ᠦᠷ᠎ᠡ ᠡᠭᠦᠯᠳᠡᠷ ᠲᠤ ᠬᠤᠵᠢᠭᠤ ᠨᠥᠬᠦᠪᠦᠷᠢᠯᠡᠨ ᠱᠠᠩᠨᠠᠬᠤ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠦᠷ᠎ᠡ ᠡᠭᠦᠯᠳᠡᠷ ᠪᠣᠶᠢᠵᠢᠭᠤᠯᠬᠤ ᠨᠢᠭᠡᠴᠢ ᠶᠢᠨ ᠰᠢᠨ᠎ᠡ ᠪᠠᠷ ᠪᠣᠶᠢᠵᠢᠭᠤᠯᠤᠭᠰᠠᠨ ᠤᠯᠤᠰ ᠤᠨ ᠬᠢᠨᠠᠨ ᠲᠣᠭᠲᠠᠭᠠᠯᠲᠠ ᠪᠠᠷ ᠪᠠᠲᠤᠯᠠᠭᠳᠠᠭᠰᠠᠨ ᠭᠤᠣᠯ ᠪᠣᠯᠬᠤ ᠲᠠᠷᠢᠮᠠᠯ ᠪᠠ ᠣᠢ ᠮᠣᠳᠣ ᠡᠪᠡᠰᠦᠨ ᠤ ᠦᠷ᠎ᠡ ᠡᠭᠦᠯᠳᠡᠷ ᠪᠦᠷᠢ ᠳᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ 10 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠦᠷ᠎ᠡ ᠡᠭᠦᠯᠳᠡᠷ ᠪᠣᠶᠢᠵᠢᠭᠤᠯᠬᠤ ᠨᠢᠭᠡᠴᠢ ᠶᠢᠨ ᠰᠢᠨ᠎ᠡ ᠪᠠᠷ ᠪᠣᠶᠢᠵᠢᠭᠤᠯᠤᠭᠰᠠᠨ ᠤᠷᠭᠤᠮᠠᠯ ᠤᠨ ᠰᠢᠨ᠎ᠡ ᠦᠷ᠎ᠡ ᠡᠭᠦᠯᠳᠡᠷ ᠢ ᠬᠠᠮᠠᠭᠠᠯᠠᠬᠤ ᠡᠷᠬᠡ ᠣᠯᠣᠭᠰᠠᠨ ᠦᠷ᠎ᠡ ᠡᠭᠦᠯᠳᠡᠷ ᠪᠦᠷᠢ ᠳᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠴᠢᠬᠤᠯᠠ ᠶᠡᠭᠡ ᠦᠷ᠎ᠡ ᠡᠭᠦᠯᠳᠡᠷ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠪᠡᠯ ᠬᠤᠵᠢᠭᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠡᠯᠭᠡᠷᠡᠭᠦᠯᠦᠭᠰᠡᠨ ᠲᠠᠯᠠᠪᠠᠢ ᠨᠢ ᠶᠡᠭᠡ᠂ ᠨᠢᠭᠡᠴᠢ ᠤᠨᠠᠯᠲᠠ ᠶᠢᠨ ᠬᠢᠷᠢ ᠲᠦᠪᠰᠢᠨ ᠢᠶᠠᠷ ᠥᠨᠳᠥᠷ᠂ ᠤᠨᠠᠯᠲᠠ ᠨᠡᠮᠡᠭᠳᠡᠭᠦᠯᠬᠦ ᠳᠠᠯᠳᠠ ᠬᠦᠴᠦᠨ ᠢᠶᠠᠷ ᠶᠡᠭᠡ᠂ ᠴᠢᠨᠠᠷ ᠰᠠᠶᠢᠲᠠᠢ ᠲᠤᠰᠬᠠᠢ ᠬᠡᠷᠡᠭᠯᠡᠭᠡᠨ ᠤ ᠴᠢᠨᠠᠷ ᠢᠶᠠᠷ ᠰᠠᠶᠢᠨ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠶᠢᠨ ᠦᠷ᠎ᠡ ᠡᠭᠦᠯᠳᠡᠷ ᠲᠤ ᠡᠭᠦᠯᠳᠡᠷ ᠳᠡᠯᠭᠡᠷᠡᠭᠦᠯᠦᠭᠰᠡᠨ ᠱᠠᠩᠨᠠᠯ ᠣᠯᠭᠤᠵᠤ᠂ ᠦᠢᠯᠡᠰ ᠤᠨ ᠰᠠᠶᠢᠨ ᠦᠷ᠎ᠡ ᠡᠭᠦᠯᠳᠡᠷ ᠪᠣᠯᠭᠠᠬᠤ ᠬᠢᠷᠢ ᠲᠦᠪᠰᠢᠨ ᠤ ᠯᠠᠪᠳᠠᠭᠤᠨ ᠢᠶᠠᠷ ᠳᠡᠭᠡᠭᠰᠢᠯᠡᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠠᠷᠪᠠᠨ ᠲᠠᠪᠤ︶ ᠮᠠᠯ ᠵᠢᠭᠦᠷᠲᠡᠨ ᠤ ᠦᠷ᠎ᠡ ᠡᠭᠦᠯᠳᠡᠷ ᠲᠤ ᠬᠤᠵᠢᠭᠤ ᠨᠥᠬᠦᠪᠦᠷᠢᠯᠡᠨ ᠱᠠᠩᠨᠠᠬᠤ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠪᠣᠶᠢᠵᠢᠭᠤᠯᠤᠭᠰᠠᠨ ᠤᠯᠤᠰ ᠤᠨ ᠬᠢᠨᠠᠨ ᠲᠣᠭᠲᠠᠭᠠᠯᠲᠠ ᠪᠠᠷ ᠪᠠᠲᠤᠯᠠᠭᠳᠠᠭᠰᠠᠨ ᠮᠠᠯ ᠵᠢᠭᠦᠷᠲᠡᠨ ᠤ ᠰᠢᠨ᠎ᠡ ᠡᠭᠦᠯᠳᠡᠷ ︵ᠢᠵᠢ ᠤᠳᠤᠮᠯᠠᠯ︶ ᠪᠦᠷᠢ ᠳᠤ 100 ᠲᠦᠮᠡᠨ ᠲᠥᠭᠦᠷᠢᠭ ᠱᠠᠩᠨᠠᠨ᠎ᠠ︔ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠠᠴᠠ ᠬᠢᠨᠠᠨ ᠲᠣᠭᠲᠠᠭᠠᠵᠤ ᠪᠠᠲᠤᠯᠠᠭᠰᠠᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠪᠦᠷᠢ ᠳᠤ 50 ᠲᠦᠮᠡᠨ ᠲᠥᠭᠦᠷᠢᠭ ᠱᠠᠩᠨᠠᠨ᠎ᠠ︔ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠡᠷᠡᠰ ᠤᠨ ᠵᠢᠭᠰᠠᠭᠠᠯᠲᠠ ᠶᠢ ᠦᠨᠳᠦᠰᠦᠯᠡᠵᠦ᠂ ᠳᠡᠯᠡᠬᠡᠢ ᠪᠠ ᠤᠯᠤᠰ ᠤᠨ ᠳᠣᠲᠣᠭᠠᠳᠤᠬᠢ ᠨᠡᠷᠡᠰ ᠤᠨ ᠵᠢᠭᠰᠠᠭᠠᠯᠲᠠ ᠳᠤ ᠡᠮᠦᠨᠡᠭᠦᠷ ᠣᠷᠣᠭᠰᠠᠨ ᠬᠤᠰᠲ᠋ᠠᠨ ᠦᠬᠡᠷ᠂ ᠰᠢᠮᠧᠨ᠋ᠲᠠᠷ ᠦᠬᠡᠷ᠂ ᠰᠠᠨ ᠾᠧ ᠦᠬᠡᠷ ᠤᠨ ᠡᠭᠦᠯᠳᠡᠷ ᠤᠨ ᠪᠤᠬ᠎ᠠ ᠶᠢᠨ ᠦᠷ᠎ᠡ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠢ ᠪᠣᠯ ᠰᠢᠯᠭᠠᠨ ᠬᠢᠨᠠᠭᠠᠳ ᠪᠠᠷᠢᠮᠵᠢᠶᠠᠨ ᠳᠤ ᠬᠥᠷᠥᠭᠰᠡᠨ ᠤ ᠳᠠᠷᠠᠭ᠎ᠠ ᠬᠥᠬᠢᠭᠦᠯᠦᠨ ᠱᠠᠩᠨᠠᠨ᠎ᠠ︔ ᠳᠤᠮᠳᠠᠳᠤ ᠤᠯᠤᠰ ᠤᠨ ᠠᠵᠤ ᠠᠬᠤᠶᠢᠯᠠᠯ ᠤᠨ ᠨᠡᠷᠡᠲᠦ ᠲᠡᠮᠳᠡᠭ ᠤᠨ ᠥᠷᠢᠰᠦᠯᠳᠦᠬᠦ ᠬᠦᠴᠦᠨ ᠤ ᠵᠢᠭᠠᠯᠲᠠ ᠲᠤᠭ᠎ᠠ ᠶᠢᠨ ︵CBI︶ ᠨᠡᠷᠡᠰ ᠤᠨ ᠵᠢᠭᠰᠠᠭᠠᠯᠲᠠ ᠳᠤ ᠤᠯᠤᠰ ᠤᠨ ᠳᠣᠲᠣᠭᠠᠳᠤ ᠶᠢᠨ ᠡᠮᠦᠨ᠎ᠡ 100 ᠨᠡᠷᠡᠰ ᠲᠤ ᠪᠠᠶᠢᠷᠢᠯᠠᠭᠰᠠᠨ ᠠᠯᠠᠰᠢᠨ ᠤ ᠡᠭᠦᠯᠳᠡᠷ ᠤᠨ ᠪᠤᠬ᠎ᠠ ᠶᠢ ᠪᠣᠶᠢᠵᠢᠭᠤᠯᠤᠭᠰᠠᠨ ᠦᠷ᠎ᠡ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠪᠤᠬ᠎ᠠ ᠪᠦᠷᠢ ᠳᠤ 5 ᠲᠦᠮᠡᠨ ᠲᠥᠭᠦᠷᠢᠭ ᠱᠠᠩᠨᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠠᠷᠪᠠᠨ ᠵᠢᠷᠭᠤᠭ᠎ᠠ︶ ᠮᠥᠩᠭᠦᠨ ᠭᠦᠢᠯᠭᠡᠭᠡᠨ ᠤ ᠳᠡᠮᠵᠢᠯᠭᠡ ᠦᠵᠡᠬᠦᠯᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ᠃ ᠲᠤᠰᠬᠠᠢ ᠵᠦᠢᠯ ᠤᠨ ᠮᠥᠩᠭᠦᠨ ᠭᠦᠢᠯᠭᠡᠭᠡᠨ ᠤ ᠨᠡᠷᠡᠳᠬᠦᠨ ᠨᠡᠶᠢᠲᠡᠯᠡᠬᠦ ᠶᠢ ᠳᠡᠮᠵᠢᠵᠦ᠂ ᠦᠷ᠎ᠡ ᠡᠭᠦᠯᠳᠡᠷ ᠤᠨ ᠦᠢᠯᠡᠰ ᠤᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠤᠷᠢᠳ ᠢᠶᠠᠷ ᠪᠠᠲᠤᠯᠠᠵᠤ᠂ ᠦᠷ᠎ᠡ ᠡᠭᠦᠯᠳᠡᠷ ᠤᠨ ᠦᠢᠯᠡᠰ ᠤᠨ ᠰᠤᠳᠤᠯᠤᠨ ᠨᠡᠭᠡᠭᠡᠬᠦ ᠦᠶᠡᠯᠡᠯ ᠤᠨ ᠬᠤᠭᠤᠴᠠᠭ᠎ᠠ ᠤᠷᠳᠤ ᠪᠠᠶᠢᠬᠤ ᠣᠨᠴᠠᠯᠢᠭ ᠲᠤ ᠲᠣᠬᠢᠷᠠᠭᠤᠯᠤᠨ 3 - 5 ᠵᠢᠯ ᠤᠨ ᠦᠶᠡᠯᠡᠯ ᠤᠨ ᠬᠤᠭᠤᠴᠠᠭ᠎ᠠ ᠤᠷᠳᠤ ᠮᠥᠩᠭᠦᠨ ᠭᠦᠢᠯᠭᠡᠭᠡᠨ ᠤ ᠨᠡᠷᠡᠳᠭᠦᠨ ᠢ ᠲᠣᠭᠲᠠᠭᠠᠵᠤ᠂ ᠦᠷ᠎ᠡ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ᠂ ᠦᠷ᠎ᠡ ᠶᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ ᠨᠥᠬᠦᠴᠡᠯ ᠳᠤ ᠨᠡᠶᠢᠴᠡᠭᠰᠡᠨ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠦᠷ᠎ᠡ ᠡᠭᠦᠯᠳᠡᠷ ᠤᠨ ᠦᠢᠯᠡᠰ ᠤᠨ ᠬᠥᠲᠥᠴᠢ ᠠᠵᠤ ᠠᠬᠤᠶᠢᠯᠠᠯ ᠤᠨ ᠦᠷ᠎ᠡ ᠡᠭᠦᠯᠳᠡᠷ ᠢ ᠰᠤᠳᠤᠯᠤᠨ ᠨᠡᠭᠡᠭᠡᠬᠦ᠂ ᠰᠠᠭᠤᠷᠢᠨ ᠭᠠᠵᠠᠷ ᠪᠦᠲᠦᠭᠡᠨ ᠪᠠᠶᠢᠭᠤᠯᠬᠤ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ᠵᠡᠷᠭᠡ ᠠᠵᠢᠯ ᠥᠷᠨᠢᠭᠦᠯᠬᠦ ᠶᠢ ᠨᠢ ᠲᠡᠮᠵᠢᠨ᠎ᠡ᠃ ︵ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     ︵ᠠᠷᠪᠠᠨ ᠳᠣᠯᠤᠭ᠎ᠠ︶ ᠦᠷ᠎ᠡ ᠡᠭᠦᠯᠳᠡᠷ ᠤᠨ ᠦᠢᠯᠡᠰ ᠤᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠴᠡᠪᠡᠷᠰᠢᠭᠦᠯᠦᠨ᠎ᠡ᠃ ᠦᠷ᠎ᠡ ᠡᠭᠦᠯᠳᠡᠷ ᠤᠨ ᠦᠢᠯᠡᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠨᠠᠶᠢᠳᠠᠪᠤᠷᠢᠵᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠷ᠎ᠡ ᠡᠭᠦᠯᠳᠡᠷ ᠤᠨ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠤᠰᠬᠠᠢ ᠴᠡᠭᠴᠡᠯᠡᠨ ᠵᠠᠰᠠᠬᠤ ᠠᠵᠢᠯᠯᠠᠭᠠᠨ ᠢ ᠯᠠᠪᠳᠠᠭᠤᠨ ᠪᠠᠲᠤᠲᠠᠢ ᠥᠷᠨᠢᠭᠦᠯᠵᠦ᠂ ᠭᠠᠵᠠᠷ ᠣᠷᠣᠨ᠂ ᠰᠠᠯᠠᠭ᠎ᠠ ᠮᠥᠴᠢᠷ ᠠᠯᠤᠰᠯᠠᠭᠰᠠᠨ ᠬᠤᠯᠪᠤᠭᠠᠯᠠᠨ ᠬᠥᠳᠡᠯᠦᠯᠴᠡᠵᠦ ᠬᠠᠮᠠᠭᠠᠯᠠᠬᠤ ᠪᠠ ᠵᠠᠰᠠᠭ ᠵᠠᠬᠢᠷᠭᠠᠨ ᠬᠠᠤᠯᠢ ᠴᠠᠭᠠᠵᠠ ᠶᠢᠨ ᠬᠠᠮᠵᠢᠯᠴᠠᠨ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠬᠤᠳᠠᠯ ᠬᠠᠭᠤᠷᠮᠠᠭ ᠴᠢᠨᠠᠷ ᠮᠠᠭᠤ ᠵᠦᠢᠯ ᠢᠶᠠᠷ ᠨᠡᠷᠡᠲᠦ ᠲᠡᠮᠳᠡᠭ ᠢ ᠣᠷᠣᠯᠠᠬᠤ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠷ᠎ᠡ ᠡᠭᠦᠯᠳᠡᠷ ᠤᠨ ᠦᠢᠯᠡᠰ ᠤᠨ ᠠᠩᠬᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ  ᠨᠢ ᠬᠥᠭᠵᠢᠭᠡᠨ᠎ᠡ᠃ ᠦᠷ᠎ᠡ ᠡᠭᠦᠯᠳᠡᠷ ᠤᠨ ᠦᠢᠯᠡᠰ ᠤᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠪᠠᠨ ᠴᠢᠩᠭᠠᠳᠬᠠᠵᠤ᠂ ᠦᠷ᠎ᠡ ᠡᠭᠦᠯᠳᠡᠷ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     ︵ᠠᠷᠪᠠᠨ ᠨᠠᠢᠮᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠷᠮᠠᠰᠢᠭᠤᠯᠬᠤ ᠲᠣᠭᠲᠠᠴᠠ ᠶᠢ ᠴᠢᠩᠭᠠᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠶᠢ ᠡᠭᠦᠳᠬᠦ ᠢᠳᠡᠪᠬᠢᠵᠢᠯ ᠰᠠᠨᠠᠭᠠᠴᠢᠯᠠᠭᠠᠲᠤ ᠴᠢᠨᠠᠷ ᠢ ᠳᠠᠶᠢᠴᠢᠯᠠᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︽ᠮᠧᠩ ᠺᠧ ᠵᠢᠦᠢ︾ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠲᠠᠪᠴᠠᠩ ᠢ ᠰᠠᠶᠢᠲᠤᠷ ᠠᠰᠢᠭᠯᠠᠵᠤ᠂ ᠰᠢᠨ᠎ᠡ ᠶᠢ ᠡᠭᠦᠳᠬᠦ ᠪᠦᠯᠬᠦᠮ ᠨᠡᠶᠢᠲᠡ᠂ ᠲᠥᠷᠥᠯ ᠵᠦᠢᠯ᠂ ᠪᠡᠯᠡ ᠮᠥᠩᠭᠦ ᠶᠢ ᠪᠦᠲᠦᠮᠵᠢᠲᠡᠢ ᠵᠣᠯᠭᠠᠭᠤᠯᠵᠤ᠂ ᠣᠨᠣᠴᠠᠲᠠᠢ ᠪᠠᠷ ︽ᠭᠠᠷ ᠬᠤᠯᠪᠣᠭᠤᠯᠤᠨ᠎ᠠ︾᠃ ᠰᠢᠯᠢᠳᠡᠭ ᠠᠴᠠ ᠰᠢᠯᠢᠳᠡᠭ ᠢ  ᠨᠢ ᠰᠣᠩᠭᠤᠬᠤ ᠶᠢ ᠪᠠᠷᠢᠮᠲᠠᠯᠠᠵᠤ᠂ ᠡᠭᠦᠳᠡ ᠪᠠᠨ ᠨᠡᠭᠡᠭᠡᠵᠦ ᠬᠠᠮᠲᠤ ᠪᠠᠷ ᠭᠦᠷᠳᠡᠯᠴᠡᠨ ᠰᠢᠨ᠎ᠡ ᠡᠭᠦᠳᠦᠯᠲᠡ ᠶᠢ ᠰᠡᠳᠦᠵᠦ᠂ ᠨᠡᠭᠡᠭᠡᠯᠲᠡ ᠲᠠᠢ ᠬᠠᠮᠲᠤᠷᠠᠯᠴᠠᠵᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠣᠷᠣᠨ ᠤ ᠳᠣᠲᠣᠨ᠎ᠠ ᠭᠠᠳᠠᠨᠠᠬᠢ ᠲᠤᠰᠬᠠᠢ ᠮᠡᠷᠭᠡᠵᠢᠯᠲᠡᠨ ᠤ ᠪᠦᠯᠬᠦᠮ ᠨᠡᠶᠢᠲᠡ ᠠᠴᠠ ᠦᠷ᠎ᠡ ᠡᠭᠦᠯᠳᠡᠷ ᠤᠨ ᠦᠢᠯᠡᠰ ᠤᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠨᠢ ᠳᠡᠮᠵᠢᠵᠦ᠂ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠦᠷ᠎ᠡ ᠡᠭᠦᠯᠳᠡᠷ ᠤᠨ ᠲᠠᠯ᠎ᠠ ᠪᠠᠷ ᠬᠢ ᠰᠢᠨᠵᠢᠯᠡᠬᠦ ᠤᠬᠠᠭᠠᠨ ᠤ ᠰᠤᠳᠤᠯᠤᠯ ᠤᠨ ᠨᠤᠲᠤᠭ ᠤᠨ ᠴᠢᠳᠠᠪᠤᠷᠢᠲᠠᠨ ᠢ ᠨᠡᠩ ᠤᠯᠠᠨ ᠬᠥᠮᠥᠵᠢᠭᠦᠯᠦᠨ᠎ᠡ᠃ ᠦᠷ᠎ᠡ ᠡᠭᠦᠯᠳᠡᠷ ᠤᠨ ᠦᠢᠯᠡᠰ ᠤᠨ ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠤᠷᠢᠨ ᠲᠣᠮᠢᠯᠠᠬᠤ ᠳᠦᠷᠢᠮ᠂ ᠬᠤᠣᠰ ᠤᠷᠢᠯᠭ᠎ᠠ ᠶᠢᠨ ᠳᠦᠷᠢᠮ ᠤᠨ ᠬᠡᠯᠪᠡᠷᠢ ᠪᠠᠷ ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠵᠦ᠂ ᠦᠷ᠎ᠡ ᠡᠭᠦᠯᠳᠡᠷ ᠤᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ︽ᠨᠢᠭᠡ ᠨᠢᠭᠡ ᠠᠵᠢᠯ ᠶᠠᠪᠤᠳᠠᠯ ᠢᠶᠠᠷ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃ ᠦᠷ᠎ᠡ ᠡᠭᠦᠯᠳᠡᠷ ᠤᠨ ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠴᠢᠳᠠᠪᠤᠷᠢᠲᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠳᠤᠷᠢᠳᠤᠯᠭ᠎ᠠ ᠶᠢᠨ ᠲᠤᠰᠢᠶᠠᠯ ᠡᠭᠦᠷᠭᠡᠯᠡᠬᠦ ᠦᠭᠡᠢ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠤ ᠠᠵᠤ ᠠᠬᠤᠶᠢᠯᠠᠯ ᠳᠤ ᠬᠦᠷᠴᠦ ᠲᠤᠰᠢᠶᠠᠯ ᠪᠠ ᠴᠠᠯᠢᠩ ᠬᠠᠪᠰᠤᠷᠭᠠᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠬᠢᠨ ᠤ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠪᠠᠷ ᠰᠢᠨ᠎ᠡ ᠶᠢ ᠡᠭᠦᠳᠬᠦ ᠴᠢᠳᠠᠪᠤᠷᠢᠲᠠᠨ ᠢ ᠰᠢᠩᠭᠡᠬᠡᠨ ᠣᠷᠣᠭᠤᠯᠬᠤ ᠶᠢ ᠨᠢ ᠳᠡᠮᠵᠢᠵᠦ᠂ ᠦᠷ᠎ᠡ ᠡᠭᠦᠯᠳᠡᠷ ᠤᠨ ᠦᠢᠯᠡᠰ ᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠤ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠬᠤ ᠵᠠᠮ ᠮᠥᠷ ᠢ ᠰᠢᠯᠤᠭᠤᠳᠬᠠᠨ᠎ᠠ᠃ ᠦᠷ᠎ᠡ ᠡᠭᠦᠯᠳᠡᠷ ᠤᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠣᠭᠲᠠᠴᠠ ᠳᠤ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠵᠣᠷᠢᠭᠵᠢᠭᠤᠯᠵᠤ ᠪᠠᠲᠤᠯᠠᠬᠤ ᠪᠠᠨ ᠴᠢᠩᠭᠠᠷᠠᠭᠤᠯᠵᠤ᠂ ᠰᠢᠯᠵᠢᠭᠦᠯᠦᠨ ᠥᠭᠬᠦ᠂ ᠵᠥᠪᠰᠢᠶᠡᠷᠡᠬᠦ᠂ ᠦᠨ᠎ᠡ ᠬᠠᠩᠰᠢ ᠲᠣᠭᠲᠠᠭᠠᠵᠤ ᠬᠤᠪᠢ ᠣᠷᠣᠭᠤᠯᠬᠤ ᠵᠡᠷᠭᠡ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠪᠣᠳᠠᠲᠠᠶᠢᠵᠢᠭᠤᠯᠤᠨ ᠤᠯᠠᠷᠢᠭᠤᠯᠤᠭᠰᠠᠨ ᠦᠷ᠎ᠡ ᠡᠭᠦᠯᠳᠡᠷ ᠤᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠭᠰᠡᠨ ᠳᠤ ᠱᠠᠩᠨᠠᠯ ᠣᠯᠭᠤᠨ᠎ᠠ᠃ ᠵᠠᠬᠢᠶᠠᠯᠠᠭ᠎ᠠ ᠶᠢᠨ ᠮᠠᠶ᠋ᠢᠭ᠂ ᠦᠢᠯᠡᠴᠢᠯᠡᠭᠡᠨ ᠤ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠤᠯ ᠢ ᠰᠦᠪᠡᠭᠴᠢᠯᠡᠵᠦ᠂ ᠦᠷ᠎ᠡ ᠡᠭᠦᠯᠳᠡᠷ ᠤᠨ ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠤᠯ ᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠥᠨᠳᠥᠷ ᠪᠦᠲᠦᠮᠵᠢᠲᠡᠢ ᠪᠠᠷ ᠵᠣᠯᠭᠠᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠤ ᠦᠷ᠎ᠡ ᠪᠦᠲᠦᠭᠡᠯ ᠭᠠᠷᠭᠠᠬᠤ᠂ ᠠᠵᠤ ᠠᠬᠤᠶᠢᠯᠠᠯ ᠦᠷ᠎ᠡ ᠪᠦᠲᠦᠭᠡᠯ ᠢ ᠬᠤᠳᠠᠯᠳᠤᠨ ᠠᠪᠴᠤ ᠦᠷᠡᠵᠢᠭᠦᠯᠵᠦ ᠪᠣᠶᠢᠵᠢᠭᠤᠯᠤᠨ ᠳᠡᠯᠭᠡᠷᠡᠭᠦᠯᠬᠦ᠂ ᠲᠠᠷᠢᠶᠠᠴᠢᠨ ᠮᠠᠯᠴᠢᠳ ᠬᠠᠮᠤᠭ ᠤᠨ ᠰᠢᠯᠢᠳᠡᠭ ᠬᠠᠮᠤᠭ ᠠᠴᠠ ᠲᠣᠬᠢᠷᠠᠮᠵᠢᠲᠠᠢ ᠦᠷ᠎ᠡ ᠡᠭᠦᠯᠳᠡᠷ ᠢ ᠬᠡᠷᠡᠭᠯᠡᠬᠦ ᠶᠢ ᠪᠡᠶᠡᠯᠡᠭᠦᠯᠵᠦ᠂ ᠦᠷ᠎ᠡ ᠡᠭᠦᠯᠳᠡᠷ ᠤᠨ ᠦᠢᠯᠡᠰ ᠤᠨ ᠡᠯ᠎ᠡ ᠭᠤᠣᠯ ᠴᠣᠭᠴᠠ᠂ ᠡᠯ᠎ᠡ ᠭᠤᠭᠴᠣᠭᠠᠨ ᠤ ᠬᠦᠴᠦ ᠶᠢ ᠬᠠᠮᠲᠤᠳᠬᠠᠨ ᠪᠥᠬᠦ ᠬᠡᠯᠬᠢᠶᠡᠰᠦ ᠪᠠᠷ ᠬᠥᠭᠵᠢᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠴᠠᠭ ᠬᠤᠭᠤᠴᠠᠭ᠎ᠠ ᠨᠢ 2023 ᠣᠨ ᠠᠴᠠ 2025 ᠣᠨ ᠤ ᠬᠤᠭᠤᠷᠣᠨᠳᠤ ᠪᠠᠶᠢᠵᠤ᠂ ︽ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠥᠬᠦᠪᠦᠷᠢᠯᠡᠬᠦ︾ ᠠᠷᠭ᠎ᠠ ᠮᠠᠶ᠋ᠢᠭ ᠢᠶᠠᠷ ᠬᠡᠷᠡᠭᠵᠢᠭᠦᠯᠪᠡᠯ᠂ ᠡᠯ᠎ᠡ ᠲᠦᠷᠦᠭᠦᠯᠡᠨ ᠠᠵᠢᠯᠯᠠᠬᠤ ᠰᠠᠯᠠᠭ᠎ᠠ ᠮᠥᠴᠢᠷ ᠨᠢ ᠪᠡᠯᠡ ᠮᠥᠩᠭᠦᠨ ᠤ ᠬᠠᠮᠢᠶᠠᠷᠤᠯᠲᠠ ᠪᠠ ᠰᠢᠯᠭᠠᠨ ᠬᠤᠷᠢᠶᠠᠬᠤ ᠰᠢᠯᠭᠠᠨ ᠬᠢᠨᠠᠬᠤ ᠠᠷᠭ᠎ᠠ ᠪᠠᠨ ᠲᠣᠭᠲᠠᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠣᠨᠣᠴᠠᠲᠠᠢ ᠪᠣᠳᠠᠲᠠᠶᠢᠵᠢᠭᠤᠯᠤᠨ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃              2023 ᠣᠨ ᠤ 10 ᠳ᠋ᠤᠭᠠᠷ ᠰᠠᠷ᠎ᠠ ᠶᠢᠨ 21 ᠤ ᠡᠳᠦᠷ                     ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ2023 ᠣᠨ ᠤ 10 ᠳ᠋ᠤᠭᠠᠷ ᠰᠠᠷ᠎ᠠ ᠶᠢᠨ 23 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号