ᠰᠢᠯᠢ ᠶᠢᠨ ᠭᠤᠣᠯ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠮᠢᠩ ᠸᠠᠩ ᠨᠠᠷ ᠪᠠᠷᠠᠭᠤᠨ ᠦᠵᠦᠮᠦᠴᠢᠨ ᠬᠤᠰᠢᠭᠤᠨ ᠳᠤ ᠭᠦᠨᠵᠡᠭᠡᠶᠢᠷᠡᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/16
      4 ᠰᠠᠷ᠎ᠠ ᠶᠢᠨ 11᠎ ᠤ ᠡᠳᠦᠷ ᠠᠴᠠ 12᠎ ᠤᠨ ᠡᠳᠦᠷ ᠪᠣᠯᠲᠠᠯ᠎ᠠ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠮᠢᠩ ᠸᠠᠩ ᠪᠦᠯᠬᠦᠮ ᠳᠠᠭᠠᠭᠤᠯᠤᠨ ︽ᠮᠣᠩᠭᠤᠯ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠮᠣᠩᠭᠤᠯ ᠡᠮ ᠡᠮᠨᠡᠯᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ︾ ᠰᠡᠳᠦᠪ ᠤᠨ ᠲᠣᠭᠤᠷᠢᠨ ᠳᠤ ᠮᠠᠨ ᠤ ᠬᠤᠰᠢᠭᠤᠨ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠠᠷᠠᠨᠲᠤᠶᠠᠭ᠎ᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠬᠠᠮᠢᠶᠠᠷᠤᠯᠲᠠ ᠶᠢᠨ ᠵᠥᠪᠯᠡᠯ ᠤᠨ ᠭᠤᠣᠯ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠠ᠃
             ᠪᠠᠶᠢᠴᠠᠭᠠᠨ ᠰᠤᠳᠤᠯᠬᠤ ᠳᠤᠭᠤᠶᠢᠯᠠᠩ ᠨᠢ ᠤᠷᠢᠳ ᠬᠤᠵᠢᠳ ᠮᠠᠨ ᠤ ᠬᠤᠰᠢᠭᠤᠨ ᠤ ᠪᠠᠶᠠᠨᠬᠤᠰᠢᠭᠤ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠪᠠᠯᠭᠠᠷᠭᠤᠣᠯ ᠪᠠᠯᠭᠠᠰᠤᠨ ᠤ ᠰᠤᠶᠤᠯ ᠮᠣᠩᠭᠤᠯ ᠡᠮᠨᠡᠯᠭᠡ ᠶᠢᠨ ᠭᠠᠵᠠᠷ ᠂ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ᠂ ᠲᠠᠨᠢᠯᠴᠠᠭᠤᠯᠭ᠎ᠠ ᠶᠢ ᠰᠣᠨᠣᠰᠬᠤ᠂ ᠲᠤᠬᠠᠢ ᠶᠢᠨ ᠲᠠᠯᠠᠪᠤᠷ ᠲᠤᠨᠢ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠮᠠᠨ ᠤ ᠬᠤᠰᠢᠭᠤᠨ ᠤ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠵᠢᠴᠢ ᠬᠠᠮᠢᠶ᠎ᠠ ᠪᠦᠬᠦᠢ ᠠᠵᠢᠯ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠨᠠᠷᠢᠨ ᠣᠶᠢᠯᠠᠭᠠᠪᠠ᠃
       ᠪᠠᠶᠢᠴᠠᠭᠠᠨ ᠰᠤᠳᠤᠯᠬᠤ ᠳᠤᠭᠤᠶᠢᠯᠠᠩ ᠨᠢ ᠮᠠᠨ ᠤ ᠬᠤᠰᠢᠭᠤᠨ ᠤ ᠬᠠᠮᠢᠶ᠎ᠠ ᠪᠦᠬᠦᠢ ᠠᠵᠢᠯ ᠢ ᠨᠤᠲᠠᠯᠠᠬᠤ ᠶᠢᠨ ᠬᠠᠮᠲᠤ᠂ ᠮᠣᠩᠭᠤᠯ ᠡᠮ ᠡᠮᠨᠡᠯᠭᠡ ᠡᠨᠡᠬᠦ ᠣᠨᠴᠠᠯᠢᠭᠲᠤ ᠦᠨᠡᠲᠦ ᠡᠷᠳᠡᠨᠢ ᠶᠢ ᠰᠠᠶᠢᠲᠤᠷ ᠤᠯᠠᠮᠵᠢᠯᠠᠵᠤ ᠂ ᠰᠠᠶᠢᠲᠤᠷ ᠬᠥᠭᠵᠢᠭᠦᠯᠵᠦ᠂ ᠰᠠᠶᠢᠲᠤᠷ ᠠᠰᠢᠭᠯᠠᠵᠤ᠂ ᠮᠣᠩᠭᠤᠯ ᠡᠮ ᠡᠮᠨᠡᠯᠭᠡ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠂ ᠠᠷᠠᠳ ᠤᠨ ᠤᠯᠠᠮᠵᠢᠯᠠᠯᠲᠤ ᠮᠣᠩᠭᠤᠯ ᠡᠮ ᠡᠮᠨᠡᠯᠭᠡ ᠶᠢᠨ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠶᠢ ᠳᠡᠯᠭᠡᠷᠡᠭᠦᠯᠬᠦ ᠳᠡᠭᠡᠷ᠎ᠡ ᠲᠠᠰᠤᠷᠠᠯᠲᠠ ᠦᠭᠡᠢ ᠬᠦᠴᠦ ᠲᠠᠯᠪᠢᠵᠤ᠂ ᠦᠨᠳᠦᠰᠦᠨ ᠱᠠᠲᠤᠨ ᠤ ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠮᠣᠩᠭᠤᠯ ᠡᠮ ᠡᠮᠨᠡᠯᠭᠡ ᠶᠢᠨ ᠥᠪᠡᠷᠮᠢᠴᠡ ᠳᠠᠪᠠᠭᠤᠯᠢᠭ ᠪᠠ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号