ᠵᠠᠭᠤᠭᠠᠳ ᠵᠢᠭᠤᠯᠴᠢᠯᠠᠯ ᠤᠨ ᠺᠣᠮᠫᠠᠨᠢ ᠪᠠᠷᠠᠭᠤᠨ ᠦᠵᠦᠮᠦᠴᠢᠨ ᠬᠤᠰᠢᠭᠤᠨ ᠳᠤ ᠢᠷᠡᠵᠦ  ᠲᠣᠭᠤᠷᠢᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/4/16
     4 ᠰᠠᠷ᠎ᠠ ᠶᠢᠨ 11 ᠤ ᠡᠳᠦᠷ᠂ 2024 ᠣᠨ ᠤ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠳ᠋ᠤᠭᠡᠷ ᠨᠣᠮᠧᠷᠲᠤ ᠵᠠᠰᠠᠮᠠᠯ ᠵᠠᠮ︾ ᠤᠨ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠴᠤᠤᠭᠯᠠᠭᠠᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠱᠤᠭᠤᠮ ᠢ ᠲᠣᠭᠤᠷᠢᠨ ᠪᠠᠶᠢᠴᠠᠭᠠᠬᠤ ᠠᠵᠢᠯᠯᠠᠭ᠎ᠠ ᠲᠡᠭᠦᠰ ᠠᠮᠵᠢᠯᠲᠠ ᠲᠠᠢ ᠶᠠᠪᠣᠭᠳᠠᠵᠤ ᠦᠨᠳᠦᠷᠯᠡᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠢ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ ᠠᠴᠠ ᠭᠤᠣᠯᠯᠠᠨ   ᠡᠷᠭᠢᠯᠡᠵᠦ᠂ ᠦᠢᠯᠡᠰ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ   ᠺᠣᠮᠫᠠᠨᠢ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠨᠡᠶᠢᠭᠡᠮᠯᠢᠭ ᠠᠴᠠ ᠬᠠᠮᠵᠢᠯᠴᠠᠨ ᠡᠷᠭᠢᠯᠡᠵᠦ᠂ ᠠᠭᠠᠷ ᠤᠨ ᠠᠶᠠᠯᠠᠯ ᠤᠨ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠠᠭᠠᠭᠠᠴᠢᠯᠠᠨ ᠡᠷᠭᠢᠯᠡᠵᠡᠶ᠃ ᠪᠡᠭᠡᠵᠢᠩ᠂ ᠲᠢᠶᠠᠨᠵᠢᠨ ᠵᠢᠴᠢ ᠪᠦᠬᠦ ᠣᠷᠣᠨ ᠤ ᠡᠯ᠎ᠡ ᠭᠠᠵᠠᠷ ᠤᠨ ᠵᠠᠭᠤᠭᠠᠳ ᠵᠤᠭᠠᠴᠠᠯ ᠤᠨ ᠭᠠᠵᠠᠷ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃
         4 ᠰᠠᠷ᠎ᠠ ᠶᠢᠨ 11 ᠤ ᠦᠳᠡ ᠶᠢᠨ ᠡᠮᠦᠨ᠎ᠡ᠂ ᠠᠵᠢᠯᠯᠠᠭ᠎ᠠ ᠳᠤ ᠣᠷᠣᠯᠴᠠᠭᠰᠠᠨ ᠬᠠᠮᠢᠶ᠎ᠠ ᠪᠦᠬᠦᠢ ᠤᠳᠤᠷᠢᠳᠤᠯᠭ᠎ᠠ᠂ ᠵᠢᠭᠤᠯᠴᠢᠯᠠᠯ ᠤᠨ ᠺᠣᠮᠫᠠᠨᠢ ᠶᠢᠨ ᠲᠥᠯᠥᠭᠡᠯᠡᠭᠴᠢ᠂ ᠵᠠᠭᠤᠴᠢᠯᠠᠭᠤᠷ ᠤᠨ ᠰᠤᠷᠪᠤᠯᠵᠢᠯᠠᠭᠴᠢ  ᠬᠠᠮᠲᠣ ᠪᠠᠷ ᠬᠤᠰᠢᠭᠤᠨ ᠤ ᠡᠯ᠎ᠡ ᠲᠣᠮᠣ ᠪᠠᠭᠤᠳᠠᠯ᠂ ᠪᠠᠷᠠᠭᠤᠨ ᠦᠵᠦᠮᠦᠴᠢᠨ ᠬᠤᠰᠢᠭᠤᠨ ᠤ ᠵᠢᠦᠢ ᠪᠦᠦ ᠶᠤᠸᠠᠨ ᠮᠢᠬᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠠᠶ᠋ᠬᠠᠠᠭᠤᠯᠠ ᠥᠷᠲᠡᠭᠡ ᠮᠠᠶ᠋ᠢᠭ ᠤᠨ ᠬᠤᠳᠠᠯᠳᠤᠭᠠᠨ ᠤ ᠲᠥᠪ᠂ ᠬᠠᠪᠴᠢᠭᠠᠢ ᠦᠵᠡᠮᠵᠢ ᠶᠢᠨ ᠣᠷᠣᠨ ᠵᠡᠷᠭᠡ ᠭᠠᠵᠠᠷ ᠲᠤ ᠬᠦᠷᠴᠦ ᠲᠣᠭᠤᠷᠢᠨ ᠪᠠᠶᠢᠴᠠᠭᠠᠯᠲᠠ ᠬᠢᠪᠡ᠃ ᠦᠳᠡ ᠶᠢᠨ ᠬᠤᠶᠢᠨ᠎ᠠ 99 ᠨᠣᠮᠧᠷᠲᠤ ᠵᠠᠰᠠᠮᠠᠯ ᠵᠠᠮ ᠢᠶᠠᠷ ᠤᠯᠠᠭᠠᠨ ᠣᠲᠠᠢ᠂ ᠮᠣᠩᠭᠤᠯ ᠬᠠᠨ ᠬᠤᠲᠠ᠂ ᠴᠠᠭᠠᠨ ᠬᠤᠰᠣᠨ ᠣᠶ᠂ ᠨᠡᠭᠦᠳᠡᠯᠴᠢᠨ ᠠᠶᠢᠮᠠᠭ᠂ ᠶᠤᠯᠤ ᠬᠠᠶᠢᠷᠬᠠᠨ ᠵᠡᠷᠭᠡ ᠦᠵᠡᠮᠵᠢ ᠶᠢᠨ ᠣᠷᠣᠨ ᠳᠤ ᠬᠦᠷᠴᠦ᠂ ᠦᠵᠡᠮᠵᠢ ᠶᠢᠨ ᠣᠷᠣᠨ ᠤ ᠠᠵᠢᠯᠲᠠᠨ ᠤ  ᠲᠠᠨᠢᠯᠴᠠᠭᠤᠯᠭ᠎ᠠ ᠶᠢ ᠬᠢᠨᠠᠮᠠᠭᠠᠢ ᠰᠣᠨᠣᠰᠴᠤ᠂ ᠦᠵᠡᠮᠵᠢ ᠶᠢᠨ ᠣᠷᠣᠨ ᠤ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠵᠠᠮ ᠱᠤᠭᠤᠮ ᠢ ᠰᠢᠯᠢᠳᠡᠭᠵᠢᠭᠦᠯᠦᠨ ᠲᠣᠭᠲᠠᠭᠠᠬᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠬᠠᠮᠢᠶ᠎ᠠ ᠪᠦᠬᠦᠢ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠵᠡᠷᠭᠡ ᠲᠠᠯ᠎ᠠ ᠪᠠᠷ ᠪᠥᠬᠦ ᠲᠠᠯ᠎ᠠ ᠶᠢᠨ ᠪᠠᠶᠢᠴᠠᠭᠠᠯᠲᠠ ᠬᠢᠪᠡ᠃
    ᠲᠣᠭᠤᠷᠢᠨ ᠪᠠᠶᠢᠴᠠᠭᠠᠬᠤ ᠠᠵᠢᠯᠯᠠᠭ᠎ᠠ ᠪᠠᠷ ᠳᠠᠮᠵᠢᠭᠤᠯᠤᠨ᠂ ᠡᠯ᠎ᠡ ᠵᠢᠭᠤᠯᠴᠢᠯᠠᠯ ᠤᠨ ᠪᠦᠯᠬᠦᠮ ᠤᠨ ᠬᠢᠨ  ᠣᠯᠠᠭᠠᠨ ᠢᠳᠡᠭᠡᠨ᠂ ᠴᠠᠭᠠᠨ ᠢᠳᠡᠭᠡ᠂ ᠪᠣᠳᠠᠰ ᠤᠨ ᠪᠤᠰᠤ ᠰᠣᠶᠣᠯ ᠤᠨ ᠥᠪ᠂ ᠦᠵᠡᠮᠵᠢ ᠶᠢᠨ ᠣᠷᠣᠨ ᠵᠡᠷᠭᠡ ᠡᠯ᠎ᠡ ᠲᠠᠯ᠎ᠠ ᠠᠴᠠ  ᠪᠠᠷᠠᠭᠤᠨ ᠦᠵᠦᠮᠦᠴᠢᠨ ᠬᠤᠰᠢᠭᠤᠨ ᠤ ᠥᠪᠡᠷᠮᠢᠴᠡ ᠣᠨᠴᠠᠯᠢᠭ ᠪᠦᠬᠦᠢ ᠲᠠᠯ᠎ᠠ ᠨᠤᠲᠤᠭ ᠤᠨ ᠵᠠᠩ ᠠᠭᠠᠯᠢ ᠪᠠ ᠭᠦᠨ ᠵᠤᠵᠠᠭᠠᠨ ᠵᠠᠩ ᠦᠶᠯᠡ ᠶᠢᠨ ᠰᠣᠶᠣᠯ ᠤᠨ ᠲᠠᠯ᠎ᠠ ᠪᠠᠷ ᠨᠠᠩ ᠭᠦᠨᠵᠡᠭᠡᠢ ᠲᠠᠨᠢᠯᠲᠠ ᠪᠠ ᠣᠶᠢᠯᠠᠭᠠᠯᠲᠠ ᠲᠠᠢ ᠪᠣᠯᠵᠤ᠂ ᠲᠠᠷᠠᠭᠠᠴᠢ ᠶᠢᠨ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ  ᠃      ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠨᠳᠥᠷ ᠲᠦᠪᠰᠢᠨ ᠢᠶᠠᠷ ᠠᠬᠢᠭᠤᠯᠵᠤ᠂ ᠤᠬᠠᠭᠤᠯᠤᠨ ᠬᠥᠲᠥᠯᠥᠨ ᠵᠢᠯᠤᠭᠤᠳᠬᠤ᠂ ᠤᠷᠢᠶᠠᠯᠠᠨ ᠳᠠᠶᠢᠴᠢᠯᠠᠬᠤ ᠶᠢ ᠴᠢᠩᠭᠠᠳᠬᠠᠵᠤ᠂ ︽ᠬᠥᠮᠥᠨ ᠪᠦᠬᠦᠨ ᠴᠥᠮ ᠵᠢᠭᠤᠯᠴᠢᠯᠠᠯ ᠤᠨ ᠤᠬᠠᠭᠤᠯᠭ᠎ᠠ ᠶᠢᠨ ᠡᠯᠴᠢᠨ︾ ᠪᠣᠯᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠣᠶ ᠪᠣᠯᠭᠠᠵᠤ᠂ ᠢᠷᠡᠭᠡᠳᠦᠢ ᠳᠤ ᠪᠠᠷᠠᠭᠤᠨ ᠦᠵᠦᠮᠦᠴᠢᠨ ᠬᠤᠰᠢᠭᠤᠨ  ᠤ ᠪᠠᠨ ᠵᠢᠭᠤᠯᠴᠢᠯᠠᠯ ᠤᠨ ᠠᠭᠤᠯᠤᠭᠳᠠᠬᠤᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠵᠢᠭᠤᠯᠴᠢᠯᠠᠯ ᠤᠨ ᠦᠢᠯᠡᠰ ᠤᠨ ᠪᠠᠶᠢᠳᠠᠯ ᠢᠶᠠᠨ ᠪᠠᠶᠠᠯᠢᠭᠵᠢᠭᠤᠯᠤᠨ᠂ ᠬᠢᠯᠠᠰ ᠴᠡᠭ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠤᠨᠴᠠᠯᠢᠭ ᠢᠶᠠᠨ ᠨᠡᠮᠡᠭᠳᠡᠭᠦᠯᠦᠨ᠂ ᠵᠢᠭᠤᠯᠴᠢᠯᠠᠭᠴᠢᠳ ᠤᠨ ᠥᠪᠡᠷᠮᠢᠴᠡ᠂ ᠶᠠᠰᠤ ᠴᠢᠨᠠᠷᠵᠢᠭᠰᠠᠨ᠂ ᠳᠡᠭᠡᠳᠦ ᠲᠠᠰ ᠤᠨ ᠵᠢᠭᠤᠯᠴᠢᠯᠠᠯ ᠤᠨ ᠬᠡᠷᠡᠭᠴᠡᠭᠡ ᠶᠢ ᠨᠠᠩ ᠰᠠᠶᠢᠨ  ᠬᠠᠩᠭᠠᠬᠤ ᠪᠠᠷ ᠪᠤᠢ᠃
    ᠥᠪᠥᠷ ᠮᠣᠩᠭᠤᠯ ᠤᠨ ᠲᠤ ᠢ ᠣᠯᠠᠨ ᠤᠯᠤᠰ ᠤᠨ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ  ᠺᠠᠩ ᠰᠢᠶᠣᠣ ᠯᠦ᠄ ︽ᠰᠠᠶᠢᠨ ᠪᠠᠶᠢᠨ᠎ᠠ ᠤᠤ᠂ ᠪᠢ ᠪᠣᠯ ᠥᠪᠥᠷ ᠮᠣᠩᠭᠤᠯ ᠤᠨ ᠲᠤ ᠢ ᠣᠯᠠᠨ ᠤᠯᠤᠰ ᠤᠨ ᠵᠢᠭᠤᠯᠴᠢᠯᠠᠯ ᠤᠨ ᠺᠣᠮᠫᠠᠨᠢ ᠶᠢᠨ ᠬᠢ᠂ ᠲᠡᠭᠡᠪᠡᠯ ᠡᠨᠡ ᠤᠳᠠᠭ᠎ᠠ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠢᠯᠭ᠎ᠠ ᠪᠠᠷ 99 ᠳ᠋ᠣᠭᠡᠷ ᠵᠠᠰᠠᠮᠠᠯ ᠵᠠᠮ ᠤᠨ ᠲᠣᠭᠤᠷᠢᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠂  ᠲᠣᠰ ᠤᠳᠠᠭ᠎ᠠ  ᠲᠣᠭᠤᠷᠢᠨ ᠪᠠᠶᠢᠴᠠᠭᠠᠯᠲᠠ ᠬᠢᠭᠡᠳ ᠣᠯᠣᠯᠲᠠ ᠮᠠᠰᠢ ᠶᠡᠭᠡ᠂  99 ᠨᠣᠮᠧᠷᠲᠤ ᠵᠠᠰᠠᠮᠠᠯ ᠵᠠᠮ ᠠᠴᠠ ᠡᠬᠢᠯᠡᠭᠡᠳ ᠰᠡᠷᠭᠦᠯᠡᠩ ᠬᠠᠷᠠᠭᠠᠲᠤ ᠂ ᠮᠣᠩᠭᠤᠯ ᠬᠠᠭᠠᠨ ᠬᠤᠲᠠ ᠵᠡᠷᠭᠡ   ᠳᠤ ᠬᠦᠷᠴᠦ᠂ ᠨᠠᠳᠠ ᠳᠤ ᠲᠤᠶᠢᠯ ᠤᠨ ᠬᠦᠨ ᠰᠠᠭᠤᠭᠳᠠᠯ ᠲᠠᠢ ᠪᠠᠶᠢᠯ᠎ᠠ᠃ ᠤᠴᠢᠷ ᠨᠢ ᠡᠶᠢᠮᠦ ᠨᠢᠭᠡ ᠬᠡᠰᠡᠭ ᠲᠠᠯ᠎ᠠ ᠨᠤᠲᠤᠭ ᠲᠤ ᠡᠶᠢᠮᠦ ᠨᠢᠭᠡᠨ ᠲᠤᠶᠢᠯ ᠤᠨ ᠶᠡᠭᠡ ᠬᠡᠪᠴᠢᠶ᠎ᠡ ᠲᠠᠢ ᠵᠢᠭᠤᠯᠴᠢᠯᠠᠯ ᠤᠨ ᠵᠣᠴᠢᠯᠠᠬᠤ ᠭᠠᠵᠠᠷ ᠪᠠᠶᠢᠳᠠᠭ   ᠨᠢ ᠮᠠᠨ ᠤ ᠵᠢᠭᠤᠯᠴᠢᠯᠠᠯ ᠤᠨ ᠠᠵᠢᠯᠯᠠᠭᠴᠢ ᠳᠤ ᠠᠪᠴᠤ ᠬᠡᠯᠡᠪᠡᠯ ᠨᠢᠭᠡᠨ ᠲᠤᠶᠢᠯ ᠤᠨ ᠰᠠᠶᠢᠨ ᠬᠤᠨᠣᠵᠤ ᠬᠡᠪᠲᠡᠬᠦ ᠢᠳᠡᠵᠦ ᠤᠤᠭᠤᠬᠤ ᠵᠤᠭ᠎ᠠ ᠴᠡᠩᠭᠡᠯ ᠤᠨ ᠭᠠᠵᠠᠷ ᠪᠣᠯᠬᠤ ᠶᠤᠮ᠂ ᠴᠢᠨᠠᠭᠰᠢ  ᠪᠠᠨ ᠪᠢᠳᠡ 99 ᠳ᠋ᠤᠭᠡᠷ ᠵᠠᠰᠠᠮᠠᠯ ᠵᠠᠮ ᠤᠨ ᠰᠡᠭᠦᠯ ᠤᠨ ᠬᠠᠭᠠᠰ ᠬᠡᠰᠡᠭ ᠢᠶᠠᠷ ᠶᠠᠪᠤᠵᠤ᠂  ᠶᠡᠬᠡᠩᠬᠢ ᠨᠢ  ᠠᠮᠢ ᠠᠬᠤᠢ ᠶᠢᠨ ᠦᠵᠡᠮᠵᠢ ᠶᠢᠨ ᠣᠷᠣᠨ ᠪᠣᠯᠬᠤ ᠶᠤᠮ  ᠂  ᠮᠠᠰᠢ ᠭᠤᠶᠣ ᠴᠠᠭᠠᠨ ᠬᠤᠰᠤᠨ ᠣᠶ  ᠂ ᠵᠣᠭᠰᠣᠯ ᠦᠭᠡᠢ ᠣᠷᠣᠰᠴᠤ ᠪᠠᠶᠢᠭ᠎ᠠ  ᠪᠠᠯᠭᠠᠷ ᠭᠤᠣᠯ  ᠂ ᠮᠠᠰᠢ ᠭᠠᠶᠢᠬᠠᠯᠲᠠᠢ ᠶᠣᠯᠣ ᠬᠠᠶᠢᠷᠬᠠᠨ ᠵᠡᠷᠬᠡ  ᠭᠠᠵᠠᠷ ᠤᠳ ᠪᠤᠯᠤᠨ᠎ᠠ᠃ ᠲᠡᠭᠡᠪᠡᠯ ᠲᠣᠰ ᠤᠳᠠᠭᠠᠨ ᠤ  ᠲᠣᠭᠤᠷᠢᠨ ᠪᠠᠶᠢᠴᠠᠭᠠᠬᠤ ᠬᠥᠳᠡᠯᠭᠡᠭᠡᠨ  ᠤ ᠳᠠᠷᠠᠭ᠎ᠠ᠂  ᠪᠢᠳᠡ ᠥᠩᠭᠡᠷᠡᠭᠰᠡᠨ ᠳᠤ ᠭᠠᠷᠭᠠᠭᠰᠠᠨ ᠵᠢᠭᠤᠯᠴᠢᠯᠠᠯ ᠤᠨ ᠱᠤᠭᠤᠮ ᠤᠳ ᠢᠶᠠᠨ ᠳᠠᠬᠢᠨ  ᠰᠢᠨᠡᠳᠭᠡᠵᠤ᠂ ᠨᠡᠩ  ᠶᠡᠭᠡ ᠦᠨ᠎ᠡ ᠥᠷᠲᠡᠭ  ᠪᠠ ᠵᠤᠭᠠᠴᠠᠭᠰᠠᠳ ᠤᠨ ᠠᠩᠬᠠᠷᠤᠯ ᠢ ᠨᠡᠩ ᠢᠯᠡᠭᠦᠦ ᠲᠠᠲᠠᠳᠠᠭ ᠵᠠᠷᠢᠮ ᠬᠤᠳᠠᠯᠳᠤᠭᠠᠨ ᠤ ᠴᠡᠭ ᠶᠢ ᠠᠳᠬᠤᠵᠣ᠂ ᠮᠠᠨ ᠤ ᠰᠢᠯᠢ ᠶᠢᠨ ᠭᠤᠣᠯ ᠤᠨ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ᠬᠡᠷᠡᠯᠳᠦ ᠰᠤᠪᠤᠳ ᠤᠨ ᠨᠡᠷ᠎ᠡ ᠶᠢᠨ ᠬᠠᠭᠤᠳᠠᠰᠤ ᠶᠢ ᠨᠡᠩ ᠤᠯᠠᠨ ᠭᠠᠵᠠᠷ ᠲᠤ  ᠬᠦᠷᠭᠡᠵᠤ᠂  ᠪᠢᠳᠡ ᠨᠡᠩ ᠤᠯᠠᠨ ᠵᠤᠭᠠᠴᠠᠭᠰᠠᠳ ᠢ ᠮᠠᠨ ᠤ  ᠪᠠᠷᠠᠭᠤᠨ ᠦᠵᠦᠮᠦᠴᠢᠨ ᠬᠤᠰᠢᠭᠤᠨ ᠳᠤ ᠢᠷᠡᠬᠦ ᠶᠢ ᠬᠦᠰᠡᠵᠦ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠲᠠᠢ ᠤᠯᠠᠨ ᠲᠠᠯ᠎ᠠ ᠪᠠᠷ ᠬᠠᠮᠲᠤᠷᠠᠨ ᠠᠵᠢᠯᠯᠠᠬᠤ ᠶᠢ ᠬᠦᠰᠡᠵᠦ ᠪᠠᠶᠢᠨ᠎ᠠ︾ ᠭᠡᠯ᠎ᠡ᠃      ᠥᠪᠥᠷ ᠮᠣᠩᠭᠤᠯ ᠤᠨ ᠶᠢᠨ ᠴᠢᠶᠣᠤ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠵᠢᠶᠠᠩ ᠸᠧᠨ ᠱᠧᠩ᠄ ︽ᠰᠢᠯᠢ ᠶᠢᠨ ᠭᠤᠣᠯ ᠤᠨ ᠲᠠᠯ᠎ᠠ ᠨᠤᠲᠤᠭ ᠤᠨ ᠦᠯᠢᠭᠡᠷ ᠢ ᠰᠠᠶᠢᠬᠠᠨ ᠶᠠᠷᠢᠵᠤ᠂ ᠰᠢᠯᠢ ᠶᠢᠨ ᠭᠤᠣᠯ ᠤᠨ ᠵᠢᠭᠤᠯᠴᠢᠯᠠᠯ ᠤᠨ ᠶᠡᠭᠡ ᠬᠥᠭᠵᠢᠯᠲᠡ ᠶᠢᠨ ᠬᠠᠭᠤᠳᠠᠰᠤ ᠶᠢ ᠰᠠᠶᠢᠬᠠᠨ ᠵᠢᠷᠣᠭᠯᠠᠬᠤ ᠳᠤ ᠪᠠᠷᠠᠭᠤᠨ ᠦᠵᠦᠮᠦᠴᠢᠨ ᠬᠤᠰᠢᠭᠤ ᠠᠵᠢᠯᠯᠠᠭ᠎ᠠ ᠠᠪᠴᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ     ᠦᠵᠡᠵᠦ᠂ ᠰᠣᠶᠣᠯ ᠵᠢᠭᠤᠯᠴᠢᠯᠠᠯ ᠤᠨ ᠲᠣᠪᠴᠢᠶ᠎ᠠ  ᠵᠢᠭᠤᠯᠴᠢᠯᠠᠯ ᠤᠨ ᠠᠵᠤ ᠠᠬᠤᠶᠢᠯᠠᠯ ᠤᠨ ᠬᠤᠪᠢ ᠪᠠᠷ ᠡᠷᠡᠮᠡᠬᠡᠶᠢᠯᠡᠨ ᠤᠷᠤᠭᠰᠢᠯᠠᠵᠤ ᠪᠠᠶᠢᠨ᠎ᠠ᠂  ᠬᠠᠮᠲᠣ ᠶᠢᠨ ᠴᠢᠷᠮᠠᠶᠢᠯᠭ᠎ᠠ ᠪᠠᠷ ᠰᠢᠯᠢ ᠶᠢᠨ ᠭᠤᠣᠯ ᠤᠨ ᠲᠠᠯ᠎ᠠ ᠨᠤᠲᠤᠭ ᠤᠨ ᠵᠤᠭᠠᠴᠠᠯ ᠤᠳᠠᠯ ᠦᠭᠡᠢ ᠴᠡᠴᠡᠭᠯᠡᠨ ᠬᠥᠭᠵᠢᠬᠦ ᠪᠣᠯᠣᠨ᠎ᠠ ᠭᠡᠵᠦ ᠪᠢ ᠪᠤᠳᠤᠵᠦ ᠪᠠᠶᠢᠨ᠎ᠠ᠃  ᠲᠣᠰ ᠤᠳᠠᠭ᠎ᠠ ᠪᠢᠳᠡ ᠬᠡᠳᠦᠶᠢᠪᠡᠷ 4 ᠰᠠᠷ᠎ᠠ ᠳᠤ ᠢᠷᠡᠭᠰᠡᠨ ᠪᠣᠯᠪᠠᠴᠤ᠂  ᠲᠤᠩ ᠳᠣᠲᠣᠨᠣ ᠰᠠᠨᠠᠭᠳᠠᠵᠤ ᠪᠠᠶᠢᠨ᠎ᠠ᠂  ᠶᠠᠭ ᠯᠠ ᠵᠢᠷᠤᠭ ᠤᠨ ᠬᠠᠭᠤᠳᠠᠰᠤᠨ ᠳᠤ ᠪᠤᠴᠠᠵᠤ ᠢᠷᠡᠭᠰᠡᠨ  ᠮᠡᠲᠦ ᠰᠠᠨᠠᠭᠳᠠᠨ᠎ᠠ᠃  ᠪᠦᠬᠦ ᠤᠯᠤᠰ ᠤᠨ ᠬᠡᠪᠴᠢᠶᠡᠨ‌ᠡᠴᠠ ᠠᠪᠴᠤ ᠬᠡᠯᠡᠪᠡᠯ᠂ ᠰᠢᠯᠢ ᠶᠢᠨ ᠭᠤᠣᠯ ᠤᠨ ᠲᠠᠯ᠎ᠠ ᠨᠤᠲᠤᠭ ᠪᠣᠯ  ᠵᠤᠭᠠᠴᠠᠯ ᠤᠨ ᠡᠴᠦᠰ ᠤᠨ ᠥᠷᠲᠡᠭᠡ ᠪᠢᠰᠢ᠂ ᠡᠶᠢᠮᠦ ᠠᠴᠠ ᠮᠢᠨᠤ ᠦᠵᠡᠬᠦ ᠪᠠᠷ ᠢᠷᠡᠭᠡᠳᠦᠢ ᠶᠢᠨ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠃ ᠮᠠᠨ ᠤ ᠵᠤᠭᠠᠴᠠᠭᠰᠠᠳ ᠤᠨ ᠡᠷᠡᠮᠡᠬᠡᠶᠢᠯᠡᠨ ᠤᠷᠤᠭᠰᠢᠯᠠᠬᠤ ᠶᠢ ᠱᠠᠭᠠᠷᠳᠠᠨ᠎ᠠ᠂ ᠪᠢᠳᠡᠨ ᠤ ᠡᠶᠢᠮᠦ ᠰᠠᠶᠢᠬᠠᠨ ᠪᠠᠶᠢᠭᠠᠯᠢ ᠶᠢᠨ ᠡᠬᠢ ᠪᠠᠶᠠᠯᠢᠭ᠂ ᠡᠶᠢᠮᠦ ᠭᠦᠨ ᠵᠤᠵᠠᠭᠠᠨ ᠰᠣᠶᠣᠯ ᠤᠨ ᠠᠭᠤᠯᠬᠤᠨ ᠲᠠᠢ᠂ ᠤᠯᠠᠨ ᠢᠶᠠᠷ ᠢᠶᠠᠨ ᠬᠠᠮᠲᠤᠪᠠᠷ ᠴᠢᠷᠮᠠᠶᠢᠪᠠᠯ ᠰᠢᠯᠢ ᠶᠢᠨ ᠭᠤᠣᠯ ᠤᠨ ᠲᠠᠯ᠎ᠠ ᠨᠤᠲᠤᠭ ᠤᠨ ᠦᠯᠢᠭᠡᠷ ᠢ ᠯᠠᠪᠲᠠᠢ ᠪᠠᠳᠠᠷᠠᠭᠤᠯᠵᠤ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠵᠤᠭᠠᠴᠠᠯ ᠤᠨ ᠶᠡᠭᠡ ᠬᠥᠭᠵᠢᠯ ᠪᠠᠳᠠᠷᠠᠯ ᠢ ᠪᠡᠶᠡᠯᠡᠭᠦᠯᠵᠦ ᠴᠢᠳᠠᠬᠤ ᠶᠢ ᠪᠢ ᠢᠲᠡᠭᠡᠵᠦ ᠪᠠᠶᠢᠨ᠎ᠠ︾ ᠭᠡᠯ᠎ᠡ᠃                        
 
ᠢᠷᠡᠯᠲᠡ᠄ ᠪᠠᠷᠠᠭᠤᠨ ᠦᠵᠦᠮᠦᠴᠢᠨ ᠬᠣᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号