︽ᠦᠨᠳᠦᠰᠦᠲᠡᠨ ᠤ ᠪᠦᠯᠭᠦᠮᠳᠡᠯ +︾ ᠣᠨᠴᠠᠯᠢᠭᠲᠤ ᠨᠡᠷᠡᠲᠦ ᠲᠡᠮᠳᠡᠭᠲᠦ ᠶᠢ ᠰᠠᠶᠢᠲᠤᠷ ᠡᠭᠦᠳᠴᠦ ᠲᠠᠯ᠎ᠠ ᠨᠤᠲᠤᠭ ᠤᠨ ᠬᠠᠮᠤᠭ ᠤᠨ ᠦᠵᠡᠰᠬᠦᠯᠡᠩᠲᠦ ︽ᠢᠵᠢᠯ ᠲᠥᠪᠲᠦ ᠲᠣᠭᠤᠷᠢᠭ︾ ᠢ ᠵᠢᠷᠤᠭᠯᠠᠨ᠎ᠠ
ᠨᠡᠶᠢᠲᠡᠯᠡᠭᠰᠡᠨ ᠴᠠᠭ᠄
2024/4/16
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠮᠦᠨ ᠴᠤ ᠦᠨᠳᠦᠰᠦᠲᠡᠨ ᠤ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠣᠨ᠎ᠠ᠃ ᠣᠳᠣᠬᠢᠴᠢᠯᠠᠯᠲᠠ ᠶᠢᠨ ᠰᠢᠨ᠎ᠡ ᠠᠶᠠᠨ ᠵᠠᠮ  ᠳᠤ᠂ ᠪᠠᠷᠠᠭᠤᠨ ᠦᠵᠦᠮᠦᠴᠢᠨ ᠬᠤᠰᠢᠭᠤ ᠨᠢ ᠰᠢᠨ᠎ᠡ ᠴᠠᠭ ᠦᠶ᠎ᠡ ᠶᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ᠂ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠥᠨᠳᠥᠷ ᠪᠠᠷᠢᠮᠵᠢᠶ᠎ᠠ᠂ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠤᠨ᠂ ᠰᠢᠨ᠎ᠡ ᠬᠠᠷᠠᠯᠲᠠ ᠡᠭᠦᠷᠭᠡ ᠶᠢ ᠲᠣᠳᠣᠷᠬᠠᠶᠢᠯᠠᠨ᠂ ︽ᠦᠨᠳᠦᠰᠦᠲᠡᠨ ᠤ ᠪᠦᠯᠬᠦᠮᠳᠡᠯ + ᠨᠠᠮ ᠤᠨ ᠪᠠᠶᠢᠭᠤᠯᠤᠯᠲᠠ︾ ︽ᠦᠨᠳᠦᠰᠦᠲᠡᠨ ᠤ ᠪᠦᠯᠬᠦᠮᠳᠡᠯ + ᠪᠣᠯᠪᠠᠰᠤᠨ ᠤ ᠦᠢᠯᠡᠳᠦᠯᠭᠡ︾ ︽ᠦᠨᠳᠦᠰᠦᠲᠡᠨ ᠤ ᠪᠦᠯᠬᠦᠮᠳᠡᠯ + ᠮᠠᠯᠴᠢᠳ ᠪᠠ ᠠᠬᠤᠶᠢᠯᠠᠯ ᠬᠠᠮᠲᠤᠪᠠᠷ ᠪᠦᠲᠦᠭᠡᠨ ᠪᠠᠶᠢᠭᠤᠯᠬᠤ︾ ︽ᠦᠨᠳᠦᠰᠦᠲᠡᠨ ᠤ ᠪᠦᠯᠬᠦᠮᠳᠡᠯ + ᠰᠣᠶᠣᠯ ᠵᠢᠭᠤᠯᠴᠢᠯᠠᠯ ᠢ ᠠᠭᠤᠰᠤᠯᠴᠠᠭᠤᠯᠬᠤ︾ ︽ᠦᠨᠳᠦᠰᠦᠲᠡᠨ ᠤ ᠪᠦᠯᠬᠦᠮᠳᠡᠯ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠲᠠᠪᠤᠨ ᠶᠡᠭᠡ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠦᠨᠳᠦᠰᠦᠲᠡᠨ  ᠤ ᠪᠦᠯᠬᠦᠮᠳᠡᠯ ᠳᠠᠪᠰᠢᠯᠲᠠ ᠶᠢ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠪᠥᠬᠦ ᠶᠠᠪᠤᠴᠠ ᠳᠤ ᠲᠤᠤᠱᠯᠠᠭᠤᠯᠵᠤ ᠪᠣᠢ᠃     ︵ᠬᠤᠶᠠᠷ︶  ᠦᠨᠳᠦᠰᠦᠲᠡᠨ ᠤ ᠪᠦᠯᠬᠦᠮᠳᠡᠯ + ᠪᠣᠯᠪᠠᠰᠤᠨ ᠤ ᠦᠢᠯᠡᠳᠦᠯᠭᠡ     ᠳᠠᠭᠤᠤ ᠪᠦᠵᠢᠭ ᠤᠷᠠᠯᠢᠭ ᠲᠣᠭᠯᠠᠯᠲᠠ ᠨᠢ ᠦᠨᠳᠦᠰᠦᠲᠡᠨ ᠤ ᠪᠦᠯᠬᠦᠮᠳᠡᠯ ᠤᠨ ᠭᠤᠣᠯ ᠬᠦᠭ ᠠᠶᠠᠰ ᠢ ᠴᠤᠤᠷᠢᠶᠠᠲᠤᠭᠤᠯᠤᠨ᠎ᠠ᠃ 2024 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠭᠤᠷᠣᠬᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠲᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠴᠤᠭᠯᠠᠷᠠᠨ᠂ ︽ᠰᠢᠨ᠎ᠡ ᠵᠢᠯ ᠤᠨ ᠤᠯᠠᠮᠵᠢᠯᠠᠯᠲᠤ    ᠪᠠᠶᠠᠷ · ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ︾ ᠭᠡᠬᠦ ᠴᠠᠭᠠᠨ ᠰᠠᠷ᠎ᠠ ᠶᠢᠨ ᠠᠷᠪᠠᠨ ᠲᠠᠪᠤᠨ ᠤ ᠭᠤᠣᠯ ᠰᠡᠳᠦᠪᠲᠦ ᠠᠵᠢᠯᠯᠠᠭ᠎ᠠ ᠳᠤ ᠣᠷᠣᠯᠴᠠᠵᠤ᠂ ᠦᠨᠳᠦᠰᠦᠲᠡᠨ ᠤ ᠣᠨᠴᠠᠯᠢᠭ ᠪᠦᠬᠦᠢ ᠳᠠᠭᠤᠤ ᠪᠥᠵᠢᠭ ᠤᠨ ᠲᠣᠭᠯᠠᠯᠲᠠ ᠪᠠ ᠪᠠᠶᠠᠯᠢᠭ ᠠᠭᠤᠯᠭ᠎ᠠ ᠪᠦᠬᠦᠢ ᠰᠣᠨᠢᠷᠬᠠᠯᠲᠤ ᠲᠣᠭᠯᠠᠭᠠᠮ ᠨᠢ ᠠᠵᠢᠯᠯᠠᠭ᠎ᠠ ᠶᠢᠨ ᠠᠬᠤᠢ ᠲᠠᠯᠠᠪᠠᠶ ᠶᠢ ᠬᠥᠷ ᠬᠥᠭᠵᠢᠶᠡᠨ ᠢᠶᠠᠷ ᠪᠢᠯᠬᠠᠭᠤᠯᠵᠠᠢ᠃     ᠣᠶᠢᠷ᠎ᠠ ᠶᠢᠨ ᠵᠢᠯ ᠳᠤ᠂ ᠦᠵᠦᠮᠦᠴᠢᠨ ᠬᠤᠰᠢᠭᠤᠨ ᠤ ᠡᠯ᠎ᠡ ᠰᠤᠮᠤ ᠪᠠᠯᠭᠠᠰᠤ᠂ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠳᠤᠭᠤᠶᠢᠯᠠᠩ ᠳᠤ᠂ ᠡᠶᠢᠮᠦᠷᠬᠦ ᠣᠶᠤᠨ ᠤ ᠪᠣᠯᠪᠠᠰᠤᠨ ᠤ ᠠᠵᠢᠯᠯᠠᠭ᠎ᠠ ᠶᠢ ᠦᠷᠭᠦᠯᠵᠢ ᠥᠷᠨᠢᠭᠦᠯᠵᠦ ᠪᠠᠶᠢᠳᠠᠭ᠃ ᠪᠠᠷᠠᠭᠤᠨ ᠦᠵᠦᠮᠦᠴᠢᠨ ᠬᠤᠰᠢᠭᠤ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠤᠬᠠᠭᠤᠯᠭ᠎ᠠ ᠰᠤᠷᠲᠠᠯᠴᠢᠯᠠᠭ᠎ᠠ ᠶᠢ ᠵᠡᠷᠭᠡᠪᠡᠷ ᠠᠳᠬᠤᠬᠤ᠂ ᠠᠮᠢᠳᠤᠯᠢᠭ ᠢᠶᠠᠷ ᠬᠦᠮᠦᠵᠢᠭᠦᠯᠬᠦ᠂ ᠨᠡᠶᠢᠲᠡ ᠶᠢᠨ ᠠᠰᠠᠷᠠᠮᠵᠢ ᠪᠠᠷ ᠬᠠᠪᠰᠤᠷᠤᠨ ᠲᠡᠳᠬᠦᠵᠦ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ᠂ ᠦᠢᠯᠡᠳᠦᠯᠭᠡ ᠪᠠᠷ ᠬᠥᠮᠥᠨ ᠢ ᠬᠦᠮᠦᠵᠢᠭᠦᠯᠬᠦ ᠵᠡᠷᠭᠡ ᠣᠨᠴᠠᠯᠢᠭ ᠢ ᠭᠦᠢᠴᠡᠳ ᠠᠰᠢᠭᠯᠠᠵᠤ᠂ ᠳᠤᠮᠳᠠᠳᠤ   ᠶᠢᠨ ᠦᠨᠳᠦᠰᠦᠲᠡᠨ ᠤ ᠬᠠᠮᠲᠤ   ᠶᠢᠨ ᠴᠣᠭᠴᠠ   ᠶᠢᠨ ᠤᠬᠠᠮᠰᠠᠷ ᠪᠣᠯᠣᠨ ︽ᠬᠠᠷᠠᠮ ᠦᠭᠡᠢ ᠵᠣᠷᠢᠭᠤᠯᠬᠤ᠂ ᠨᠥᠬᠦᠷᠰᠡᠭ ᠳᠣᠲᠣᠨᠣ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠣᠨᠣᠪᠴᠢᠲᠠᠶ ᠪᠠᠳᠠᠷᠠᠭᠤᠯᠤᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶ ᠲᠤ ᠰᠠᠭᠤᠷᠢᠯᠠᠨ᠂ ᠪᠥᠬᠦ ᠬᠤᠰᠢᠭᠤᠨ ᠤ ᠰᠠᠶᠢᠨ ᠳᠤᠷ᠎ᠠ ᠶᠢᠨ ᠪᠦᠯᠬᠦᠮ ᠪᠣᠯᠣᠨ 6000 ᠭᠠᠷᠤᠢ ᠰᠠᠶᠢᠨ ᠳᠤᠷ᠎ᠠ ᠶᠢᠨ ᠠᠵᠢᠯᠯᠠᠭᠴᠢᠳ ᠪᠦᠯᠬᠦᠮᠳᠡᠨ ᠲᠡᠮᠡᠴᠡᠭᠰᠡᠨ ᠬᠠᠮᠲᠤᠷᠠᠭᠰᠠᠨ ᠬᠦᠴᠦᠨ ᠢ ᠪᠠᠳᠠᠷᠠᠭᠤᠯᠤᠨ᠂ ᠨᠠᠮ ᠤᠨ ᠣᠨᠣᠯ ᠢ ᠤᠬᠠᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠣᠯᠠᠨ ᠲᠦᠮᠡᠨ ᠲᠠᠢ ᠣᠶᠢᠷᠠᠲᠤᠭᠰᠠᠨ᠂ ᠠᠮᠢᠳᠤᠷᠠᠯ ᠲᠠᠢ ᠣᠶᠢᠷᠠᠲᠤᠭᠰᠠᠨ᠂ ᠢᠯᠡᠳᠲᠡ ᠦᠷ᠎ᠡ ᠪᠦᠲᠦᠮᠵᠢ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠲᠦᠮᠡ ᠭᠠᠷᠤᠢ ᠤᠳᠠᠭ᠎ᠠ ᠥᠷᠨᠢᠭᠦᠯᠪᠡ᠃ ᠰᠣᠶᠣᠯ ᠢ ᠣᠯᠠᠨ ᠲᠦᠮᠡᠨ ᠳᠤ ᠬᠦᠷᠭᠡᠬᠦ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ᠂ ᠮᠠᠨ ᠤ ᠪᠠᠶᠠᠷ ᠤᠨ ᠡᠳᠦᠷ ᠵᠡᠷᠭᠡ ᠳᠤᠮᠳᠠᠳᠤ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠰᠢᠷᠢᠰ ᠠᠵᠢᠯᠯᠠᠭ᠎ᠠ ᠶᠢ 100 ᠭᠠᠷᠤᠢ ᠲᠠᠯᠠᠪᠤᠷ ᠤᠳᠠᠭ᠎ᠠ ᠥᠷᠨᠢᠭᠦᠯᠪᠡ᠃ ︽ᠪᠠᠷᠠᠭᠤᠨ ᠦᠵᠦᠮᠦᠴᠢᠨ  ᠤ ᠨᠡᠶᠢᠲᠡᠯᠡᠯ︾ ᠲᠠᠪᠴᠠᠩ ᠨᠢ  ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠶ᠎ᠠ︾᠂ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ   ︾  ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠶ᠎ᠠ︾ ᠵᠡᠷᠭᠡ ᠲᠤᠰᠬᠠᠢ ᠪᠤᠯᠤᠩ ᠢ 300 ᠭᠠᠷᠤᠢ ᠬᠤᠭᠤᠴᠠᠭ᠎ᠠ ᠨᠡᠶᠢᠲᠡᠯᠡᠵᠡᠢ᠃     ᠪᠠᠷᠠᠭᠤᠨ ᠦᠵᠦᠮᠦᠴᠢᠨ ᠬᠤᠰᠢᠭᠤ ᠨᠢ ᠥᠷᠭᠡᠨ ᠳᠡᠯᠭᠡᠷ᠂ ᠣᠯᠠᠨ ᠲᠠᠯ᠎ᠠ ᠶᠢᠨ  ᠂ ᠨᠠᠷᠢᠯᠢᠭ  ᠣᠨᠣᠪᠴᠢᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠦᠨᠳᠦᠰᠦᠲᠡᠨ ᠨᠦᠭᠦᠳ ᠤᠨ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠳᠠᠪᠰᠢᠬᠤ᠂ ᠬᠠᠷᠢᠯᠴᠠᠵᠤ ᠰᠣᠯᠢᠯᠴᠠᠬᠤ ᠶᠢ ᠠᠬᠢᠭᠤᠯᠵᠤ᠂ ᠠᠷᠠᠳ ᠣᠯᠠᠨ ᠢ ᠪᠣᠯᠪᠠᠰᠤᠨ ᠤ ᠦᠢᠯᠡᠳᠦᠯᠭᠡ ᠶᠢᠨ ᠭᠤᠣᠯ ᠳᠦᠷᠢ ᠪᠣᠯᠭᠠᠵᠤ᠂ ᠣᠶᠤᠨ ᠤ ᠪᠣᠯᠪᠠᠰᠤᠨ ᠤ ᠦᠢᠯᠡᠳᠦᠯᠭᠡ ᠪᠣᠯᠣᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠭᠡ ᠵᠠᠩᠭᠢ ᠶᠢ ᠤᠯᠠᠮᠵᠢᠯᠠᠯ ᠢ ᠭᠦᠨᠵᠡᠭᠡᠢ ᠠᠭᠤᠰᠤᠯᠴᠠᠭᠤᠯᠵᠤ᠂ ᠥᠷᠭᠡᠨ ᠤᠯᠠᠨ ᠠᠷᠠᠳ ᠲᠦᠮᠡᠨ ᠢ ᠪᠣᠯᠪᠠᠰᠤᠨ ᠬᠤᠳᠠ᠂ ᠪᠣᠯᠪᠠᠰᠤᠨ ᠨᠡᠶᠢᠭᠡᠮ᠂ ᠪᠣᠯᠪᠠᠰᠤᠨ ᠨᠡᠶᠢᠭᠡᠮ ᠲᠣᠭᠤᠷᠢᠭ᠂ ᠪᠣᠯᠪᠠᠰᠤᠨ ᠭᠡᠷ ᠪᠦᠯᠢ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠪᠣᠯᠪᠠᠰᠤᠨ ᠤ ᠰᠢᠨ᠎ᠡ ᠳᠦᠷᠰᠦ ᠪᠠᠶᠢᠳᠠᠯ ᠢ ᠬᠠᠷᠠᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡ  ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯᠪᠠᠰᠤᠨ ᠤ ᠦᠢᠯᠡᠳᠦᠯᠭᠡ ᠪᠣᠯᠭᠠᠭᠰᠠᠨ ᠪᠠᠶᠢᠨ᠎ᠠ᠃     ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ   ᠮᠧᠩ ᠰᠢᠶᠠᠩ ᠾᠦᠢ: ᠪᠠᠷᠠᠭᠤᠨ ᠦᠵᠦᠮᠦᠴᠢᠨ ᠬᠤᠰᠢᠭᠤ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠤᠬᠠᠭᠤᠯᠭ᠎ᠠ ᠰᠤᠷᠲᠠᠯᠴᠢᠯᠠᠭ᠎ᠠ ᠶᠢ ᠵᠡᠷᠭᠡᠪᠡᠷ ᠠᠳᠬᠤᠬᠤ᠂ ᠠᠮᠢᠳᠤᠯᠢᠭ ᠢᠶᠠᠷ ᠬᠦᠮᠦᠵᠢᠭᠦᠯᠬᠦ᠂ ᠨᠡᠶᠢᠲᠡ ᠶᠢᠨ ᠠᠰᠠᠷᠠᠮᠵᠢ ᠪᠠᠷ ᠬᠠᠪᠰᠤᠷᠤᠨ ᠲᠡᠳᠬᠦᠵᠦ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ᠂ ᠦᠢᠯᠡᠳᠦᠯᠭᠡ ᠪᠠᠷ ᠬᠥᠮᠥᠨ ᠢ ᠬᠦᠮᠦᠵᠢᠭᠦᠯᠬᠦ ᠵᠡᠷᠭᠡ ᠣᠨᠴᠠᠯᠢᠭ ᠢ ᠭᠦᠢᠴᠡᠳ ᠠᠰᠢᠭᠯᠠᠵᠤ᠂ ᠪᠥᠬᠦ ᠬᠤᠰᠢᠭᠤᠨ ᠤ ᠰᠠᠶᠢᠨ ᠳᠤᠷ᠎ᠠ ᠶᠢᠨ ᠪᠦᠯᠬᠦᠮ ᠪᠣᠯᠣᠨ 6000 ᠭᠠᠷᠤᠢ ᠰᠠᠶᠢᠨ ᠳᠤᠷ᠎ᠠ ᠶᠢᠨ ᠠᠵᠢᠯᠯᠠᠭᠴᠢᠳ ᠪᠦᠯᠬᠦᠮᠳᠡᠨ ᠲᠡᠮᠡᠴᠡᠭᠰᠡᠨ ᠬᠠᠮᠲᠤᠷᠠᠭᠰᠠᠨ ᠬᠦᠴᠦᠨ ᠢ ᠪᠠᠳᠠᠷᠠᠭᠤᠯᠤᠨ᠂ ᠨᠠᠮ ᠤᠨ ᠣᠨᠣᠯ ᠢ ᠤᠬᠠᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ  ᠢ ᠤᠯᠠᠮᠵᠢᠯᠠᠨ ᠵᠠᠯᠭᠠᠮᠵᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠣᠯᠠᠨ ᠲᠦᠮᠡᠨ ᠲᠠᠢ ᠣᠶᠢᠷᠠᠲᠤᠭᠰᠠᠨ᠂ ᠠᠮᠢᠳᠤᠷᠠᠯ ᠲᠠᠢ ᠣᠶᠢᠷᠠᠲᠤᠭᠰᠠᠨ᠂ ᠢᠯᠡᠳᠲᠡ ᠦᠷ᠎ᠡ ᠪᠦᠲᠦᠮᠵᠢ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠲᠦᠮᠡ ᠭᠠᠷᠤᠢ ᠤᠳᠠᠭ᠎ᠠ  ᠥᠷᠨᠢᠭᠦᠯᠦᠨ᠂ ᠥᠷᠭᠡᠨ ᠤᠯᠠᠨ ᠠᠷᠠᠳ ᠲᠦᠮᠡᠨ ᠢ ᠪᠣᠯᠪᠠᠰᠤᠨ   ᠬᠤᠳᠠ᠂ ᠪᠣᠯᠪᠠᠰᠤᠨ ᠨᠡᠶᠢᠭᠡᠮ᠂ ᠪᠣᠯᠪᠠᠰᠤᠨ ᠨᠡᠶᠢᠭᠡᠮ ᠲᠣᠭᠤᠷᠢᠭ᠂ ᠪᠣᠯᠪᠠᠰᠤᠨ ᠭᠡᠷ ᠪᠦᠯᠢ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠪᠣᠯᠪᠠᠰᠤᠨ ᠤ ᠰᠢᠨ᠎ᠡ ᠳᠦᠷᠰᠦ ᠪᠠᠶᠢᠳᠠᠯ ᠢ ᠬᠠᠷᠠᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯᠪᠠᠰᠤᠨ ᠤ ᠦᠢᠯᠡᠳᠦᠯᠭᠡ ᠪᠣᠯᠭᠠᠭᠰᠠᠨ ᠪᠠᠶᠢᠨ᠎ᠠ︾ ᠭᠡᠯ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号