ᠵᠢᠷ ᠤᠨ ᠭᠤᠣᠯ ᠪᠠᠯᠭᠠᠰᠤ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠤ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/4/16
    4 ᠰᠠᠷ᠎ᠠ ᠶᠢᠨ 5 ᠤ ᠡᠳᠦᠷ᠂ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠤ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠵᠢᠩᠬᠢᠨᠢ ᠪᠠᠷ ᠡᠬᠢᠯᠡᠵᠦ᠂ ᠵᠢᠷ ᠤᠨ ᠭᠤᠣᠯ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠢᠴᠢ ᠡᠯ᠎ᠡ ᠭᠠᠴᠠᠭᠠᠨ ᠤ ︽ᠡᠭᠦᠷ ᠵᠥᠪᠯᠡᠯ︾ ᠬᠠᠮᠲᠤᠷᠠᠨ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠤ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ᠃     ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠮᠠᠨ ᠤ ᠪᠠᠯᠭᠠᠰᠤ ᠨᠢ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠂ ᠬᠠᠤᠯᠢ ᠬᠡᠷᠡᠭᠵᠢᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠮᠠᠯ ᠪᠡᠯᠴᠢᠭᠡᠷᠯᠡᠬᠦᠯᠬᠦ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠮᠠᠯᠴᠢᠳ ᠢ ᠬᠥᠲᠥᠯᠥᠨ ᠵᠢᠯᠤᠭᠤᠳᠴᠤ ᠬᠠᠮᠢᠶ᠎ᠠ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ᠂ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠳᠤ ᠢᠳᠡᠪᠬᠢᠲᠡᠢ ᠬᠠᠮᠵᠢᠯᠴᠠᠭᠤᠯᠪᠠ᠃      ᠲᠠᠷᠠᠭᠠᠴᠢ ᠶᠢᠨ ᠠᠯᠬᠤᠮ ᠳᠤ᠂ ᠵᠢᠷ ᠤᠨ ᠭᠤᠣᠯ ᠪᠠᠯᠭᠠᠰᠤ ᠨᠢ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢᠶᠠᠨ ᠦᠷᠭᠦᠯᠵᠢᠯᠡᠨ ᠰᠠᠶᠢᠲᠤᠷ ᠬᠢᠵᠦ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠳᠤ ᠪᠠᠲᠤ ᠪᠠᠬᠢ ᠰᠠᠭᠤᠷᠢ ᠲᠠᠯᠪᠢᠬᠤ ᠪᠣᠯᠣᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号