ᠵᠢᠷ ᠤᠨ ᠭᠤᠤᠯ ᠪᠠᠯᠭᠠᠰᠤ ᠶᠢᠨ ᠮᠠᠨ ᠠᠭᠤᠷᠬᠠᠢ ᠶᠢᠨ ᠦᠢᠯᠡᠰ ᠲᠠᠢ ᠬᠠᠮᠲᠤᠷᠠᠨ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠴᠢᠮ ᠪᠠᠶᠢᠳᠠᠯ ᠢ ᠠᠷᠭᠠᠴᠠᠬᠤ  ᠤᠷᠢᠳᠴᠢᠯᠠᠭᠰᠡᠨ ᠲᠦᠰᠤᠯ  ᠤᠨ ᠰᠤᠷᠢᠯᠲᠠ ᠬᠢᠪᠡ
ᠨᠡᠶᠢᠲᠡᠯᠡᠭᠰᠡᠨ ᠴᠠᠭ᠄
2024/4/16
                                                                                                ᠪᠠᠷᠠᠭᠤᠨ ᠦᠵᠦᠮᠦᠴᠢᠨ ᠬᠤᠰᠢᠭᠤᠨ ᠤᠨ ᠵᠢᠷ ᠤᠨ ᠭᠤᠤᠯ ᠪᠠᠯᠭᠠᠰᠤ  ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠦᠢᠷ᠎ᠡ ᠳᠤ ᠵᠢᠷ ᠤᠨ ᠭᠤᠤᠯ ᠪᠠᠯᠭᠠᠰᠤ ᠪᠠᠴᠢᠮ ᠪᠠᠶᠢᠳᠠᠯ ᠢ ᠠᠷᠭᠠᠴᠠᠬᠤ ᠭᠡᠰᠢᠭᠦᠳ ᠢ ᠵᠣᠬᠢᠶᠠᠨ ᠪᠠᠶᠢᠭᠤᠯᠵᠤ᠂ ᠶᠢᠨ ᠮᠠᠨ ᠠᠭᠤᠷᠬᠠᠢ ᠶᠢᠨ ᠦᠢᠯᠡᠰ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠲᠠᠢ ᠬᠠᠮᠲᠤᠷᠠᠨ ᠨᠤᠲᠤᠭ ᠪᠡᠯᠴᠢᠭᠡᠷ  ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠡᠨ  ᠲᠦᠰᠤᠯ   ᠤᠨ ᠰᠤᠷᠢᠯᠲᠠ ᠬᠢᠪᠡ  ᠃      ᠰᠣᠷᠢᠯᠲᠠ ᠶᠢᠨ ᠲᠤᠬᠠᠢ ᠶᠢᠨ ᠲᠠᠯᠠᠪᠠᠢ ᠳᠤ᠂ ᠰᠣᠷᠢᠯᠲᠠ ᠶᠢᠨ ᠶᠡᠷᠦᠩᠬᠡᠢ ᠵᠢᠯᠣᠭᠤᠳᠤᠭᠴᠢ ᠵᠠᠷᠯᠢᠭ ᠪᠠᠭᠤᠯᠭᠠᠭᠰᠠᠨ ᠤ ᠲᠠᠷᠠᠭ᠎ᠠ᠂ ᠰᠠᠯᠬᠢᠨ ᠤ ᠬᠦᠴᠦ  ᠪᠠᠷ ᠭᠠᠯ ᠤᠨᠲᠠᠷᠠᠭᠠᠬᠤ ᠮᠠᠰᠢᠨ᠂ ᠭᠠᠯ ᠤᠨᠲᠠᠷᠠᠭᠠᠬᠤ ᠲᠡᠷᠭᠡ᠂ 2 ᠳ᠋ᠤᠭᠠᠷ ᠪᠠᠭᠠᠵᠢ ᠵᠡᠷᠭᠡ ᠭᠠᠯ ᠤᠨᠲᠠᠷᠠᠭᠠᠭᠤᠷ ᠤᠨ ᠪᠣᠳᠠᠲᠠᠢ ᠬᠡᠷᠡᠭᠯᠡᠬᠦ ᠶᠢ ᠡᠮᠬᠢ ᠵᠢᠷᠤᠮ ᠲᠠᠢ ᠥᠷᠨᠢᠭᠦᠯᠦᠭᠰᠡᠨ ᠪᠥᠭᠡᠳ ᠭᠡᠰᠢᠭᠦᠳ ᠤᠨ ᠵᠥᠪ ᠣᠨᠣᠪᠴᠢᠲᠠᠢ ᠬᠡᠷᠡᠭᠯᠡᠬᠦ ᠶᠢ ᠲᠤᠬᠠᠢ ᠶᠢᠨ ᠲᠠᠯᠠᠪᠠᠢ ᠳᠤ ᠵᠢᠭᠠᠨ ᠵᠢᠯᠤᠭᠤᠤᠳᠴᠤ᠂ ᠭᠠᠯ ᠤᠨᠲᠠᠷᠠᠭᠠᠬᠤ ᠠᠩᠭᠢ ᠶᠢᠨ ᠭᠡᠰᠢᠭᠦᠨ ᠨᠢᠭᠡᠪᠦᠷᠢ ᠶᠢᠨ ᠭᠠᠯ ᠤᠨᠲᠠᠷᠠᠭᠠᠬᠤ ᠤᠷ᠎ᠠ ᠮᠡᠷᠭᠡᠵᠢᠯ ᠢ ᠪᠣᠯᠪᠠᠰᠤᠷᠠᠩᠭᠤᠢ ᠡᠵᠡᠮᠰᠢᠬᠦ ᠳᠤ  50 ᠭᠠᠷᠤᠢ ᠬᠦᠮᠦᠨ ᠤᠷᠤᠯᠴᠠᠬᠰᠡᠨ ᠪᠠᠶᠢᠨ᠎ᠠ᠃     ᠲᠣᠰ ᠤᠳᠠᠭᠠᠨ ᠤ ᠰᠣᠷᠢᠯᠲᠠ ᠪᠠᠷ ᠳᠡᠮᠵᠢᠨ᠂ ᠵᠢᠷ ᠤᠨ ᠭᠤᠤᠯ ᠪᠠᠯᠭᠠᠰᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠤᠨᠲᠠᠷᠠᠭᠠᠬᠤ᠂ ᠲᠣᠨᠤᠭ ᠲᠥᠬᠦᠭᠡᠷᠦᠮᠵᠢ ᠶᠢ ᠬᠡᠷᠡᠭᠯᠡᠬᠦ ᠪᠠ ᠪᠠᠴᠢᠮ ᠪᠠᠶᠢᠳᠠᠯ ᠳᠤ ᠲᠦᠷᠭᠡᠨ ᠵᠤᠭᠢᠴᠠᠬᠤ᠂ ᠪᠦᠯᠬᠦᠮᠳᠡᠨ ᠬᠠᠮᠵᠢᠯᠴᠠᠬᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ  ᠬᠢᠬᠦ  ᠳᠤ  ᠰᠠᠭᠤᠷᠢ ᠶᠢ  ᠲᠠᠯᠪᠢᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号