ᠪᠠᠯᠭᠠᠷᠭᠤᠣᠯ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2024/4/17
    ᠪᠠᠯᠭᠠᠷᠭᠤᠣᠯ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯ ᠪᠦᠬᠦ ᠪᠠᠯᠭᠠᠰᠤᠨ ᠤ ᠤᠯᠤᠰ ᠲᠦᠷᠦ᠂ ᠠᠵᠤ ᠠᠬᠤᠢ᠂ ᠰᠣᠶᠣᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠲᠣᠭᠤᠷᠢᠭ ᠤᠨ ᠪᠠᠶᠢᠭᠤᠯᠤᠯᠲᠠ᠂ ᠨᠡᠶᠢᠭᠡᠮ ᠤᠨ ᠠᠮᠤᠷ ᠲᠦᠪᠰᠢᠨ ᠵᠡᠷᠭᠡ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠬᠠᠮᠢᠶᠠᠷᠬᠤ ᠨᠢᠭᠡᠳᠦᠭᠡᠷ ᠳᠡᠰ ᠤᠨ ᠦᠨᠳᠦᠰᠦᠨ ᠱᠠᠲᠤᠨ ᠤ ᠵᠠᠰᠠᠭ ᠤᠨ ᠵᠣᠬᠢᠶᠠᠨ ᠪᠠᠶᠢᠭᠤᠯᠤᠯᠲᠠ ᠪᠣᠯᠣᠨ᠎ᠠ᠃ ᠲᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄    1.ᠨᠠᠮ ᠪᠠ ᠲᠦᠷᠦ ᠶᠢᠨ ᠬᠤᠯᠪᠣᠭᠳᠠᠯ ᠪᠦᠬᠦᠢ ᠴᠢᠭᠯᠡᠯᠲᠡ᠂ ᠲᠦᠷᠦ ᠶᠢᠨ ᠪᠣᠳᠣᠯᠭ᠎ᠠ᠂ ᠬᠠᠤᠯᠢ ᠴᠠᠭᠠᠵᠠ ᠪᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠲᠤᠰ ᠪᠠᠯᠭᠠᠰᠤᠨ ᠤ ᠪᠠᠨ ᠪᠣᠳᠠᠲᠤ ᠪᠠᠶᠢᠳᠠᠯ ᠳᠤ ᠲᠣᠬᠢᠷᠠᠭᠰᠠᠨ ᠪᠣᠳᠠᠲᠠᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠠᠶᠢᠴᠠᠭᠠᠨ ᠰᠤᠳᠤᠯᠬᠤ ᠶᠢᠨ ᠬᠠᠮᠲᠤ ᠲᠤᠭᠤᠷᠪᠢᠨ ᠲᠣᠭᠲᠠᠭᠠᠨ᠎ᠠ᠃    2.ᠪᠦᠬᠦ ᠪᠠᠯᠭᠠᠰᠤᠨ ᠤ ᠨᠠᠮ ᠤᠨ ᠪᠠᠶᠢᠭᠤᠯᠤᠯᠲᠠ᠂ ᠤᠬᠠᠭᠤᠯᠭ᠎ᠠ᠂ ᠬᠥᠮᠦᠵᠢᠯ᠂ ᠤᠶᠤᠨ ᠤ ᠪᠣᠯᠪᠠᠰᠤᠨ ᠤ ᠪᠠᠶᠢᠭᠤᠯᠤᠯᠲᠠ ᠵᠢᠴᠢ ᠠᠵᠢᠯᠴᠢᠨ᠂ ᠵᠠᠯᠠᠭᠤᠴᠤᠳ᠂ ᠡᠮᠡᠭᠲᠡᠶᠢᠴᠦᠳ ᠤᠨ ᠤᠯᠠᠨ ᠲᠦᠮᠡᠨ ᠤ ᠪᠦᠯᠬᠦᠮ ᠤᠨ ᠠᠵᠢᠯ ᠢ ᠰᠠᠶᠢᠲᠤᠷ ᠵᠢᠯᠤᠭᠤᠳᠬᠤ ᠶᠢ ᠬᠠᠷᠢᠭᠤᠴᠠᠨ᠎ᠠ᠃    3. ᠨᠡᠶᠢᠭᠡᠮ ᠤᠨ ᠠᠮᠤᠷ ᠲᠦᠪᠰᠢᠨ ᠢ ᠪᠦᠬᠦ ᠲᠠᠯ᠎ᠠ ᠪᠠᠷ ᠵᠠᠰᠠᠬᠤ ᠴᠢᠭᠯᠡᠯᠲᠡ ᠲᠦᠷᠦ ᠶᠢᠨ ᠪᠣᠳᠣᠯᠭ᠎ᠠ ᠶᠢ ᠲᠤᠤᠱᠯᠠᠭᠤᠯᠵᠤ᠂ ᠨᠡᠶᠢᠭᠡᠮ ᠤᠨ ᠠᠮᠤᠷ ᠲᠦᠪᠰᠢᠨ ᠢ ᠪᠦᠬᠦ ᠲᠠᠯ᠎ᠠ ᠪᠠᠷ ᠵᠠᠰᠠᠬᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠬᠥᠮᠥᠨ ᠠᠮᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠢᠷᠭᠡᠨ ᠤ ᠬᠡᠷᠡᠭ ᠤᠨ ᠡᠶᠡᠳᠡᠭᠦᠯᠭᠡ ᠶᠢ ᠥᠷᠨᠢᠭᠦᠯᠵᠦ᠂ ᠨᠠᠰᠤᠲᠠᠶᠢᠴᠤᠳ᠂ ᠬᠡᠦᠬᠡᠳ᠂ ᠡᠮᠡᠭᠲᠡᠶᠢᠴᠦᠳ᠂ ᠵᠡᠮᠳᠡᠭᠴᠦᠳ ᠪᠠ ᠵᠠᠯᠠᠭᠤᠴᠤᠳ ᠪᠠᠭᠠᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠬᠠᠷᠢᠶ᠎ᠠ ᠣᠷᠣᠨ ᠤ ᠪᠠᠨ ᠤᠯᠤᠰ ᠲᠦᠷᠦ ᠶᠢᠨ ᠲᠣᠭᠲᠠᠭᠤᠨ ᠪᠠᠶᠢᠳᠠᠯ ᠪᠠ ᠨᠡᠶᠢᠭᠡᠮ ᠤᠨ ᠠᠮᠤᠷ ᠲᠦᠪᠰᠢᠨ ᠢ ᠪᠠᠲᠤᠯᠠᠨ᠎ᠠ᠃    4. ᠪᠠᠯᠭᠠᠰᠤᠨ ᠤ ᠱᠠᠲᠤᠨ ᠤ ᠡᠳ᠋ ᠤᠨ ᠵᠠᠰᠠᠭ ᠤᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠵᠠᠷᠤᠳᠠᠯ ᠢ ᠬᠤᠪᠢᠶᠠᠷᠢᠯᠠᠨ ᠰᠠᠯᠭᠠᠬᠤ ᠪᠠ ᠲᠣᠭᠠᠴᠠᠭ᠎ᠠ ᠬᠢᠬᠦ ᠠᠵᠢᠯ ᠢ ᠰᠠᠶᠢᠲᠤᠷ ᠬᠢᠨ᠎ᠡ᠃ ᠨᠡᠶᠢᠭᠡᠮ ᠲᠣᠭᠤᠷᠢᠭ ᠤᠨ ᠵᠠᠷᠤᠳᠠᠯ ᠤᠨ ᠡᠳ᠋ ᠤᠨ ᠶᠠᠪᠤᠳᠠᠯ᠂ ᠨᠢᠭᠲᠠᠯᠠᠨ ᠪᠤᠳᠤᠬᠤ᠂ ᠬᠢᠨᠠᠨ ᠪᠤᠳᠤᠬᠤ ᠶᠢ ᠵᠢᠯᠤᠭᠤᠳᠴᠤ᠂ ᠵᠣᠬᠢᠴᠠᠭᠤᠯᠵᠤ᠂ ᠲᠡᠭᠦᠨ ᠳᠤ ᠬᠢᠨᠠᠯᠲᠠ ᠲᠠᠯᠪᠢᠨ᠎ᠠ᠃    5. ᠪᠦᠬᠦ ᠪᠠᠯᠭᠠᠰᠤᠨ ᠤ ᠪᠠᠶᠢᠭᠤᠯᠭ᠎ᠠ ᠶᠢᠨ ᠺᠠᠳ᠋ᠷ ᠪᠠ ᠨᠡᠶᠢᠭᠡᠮ ᠲᠣᠭᠤᠷᠢᠭ ᠤᠨ ᠺᠠᠳ᠋ᠷ ᠤᠨ ᠬᠠᠮᠢᠶᠠᠷᠤᠯᠲᠠ᠂ ᠬᠢᠨᠠᠯᠲᠠ ᠵᠢᠴᠢ ᠣᠨ ᠤ ᠬᠢᠨᠠᠨ ᠰᠢᠯᠭᠠᠯᠲᠠ ᠶᠢᠨ ᠠᠵᠢᠯ ᠢ ᠬᠠᠷᠢᠭᠤᠴᠠᠨ᠎ᠠ᠃ ᠪᠡᠯᠡᠳᠬᠡᠯ ᠺᠠᠳ᠋ᠷ ᠢ ᠬᠥᠮᠥᠵᠢᠭᠦᠯᠬᠦ ᠲᠥᠯᠥᠪᠯᠡᠭᠡ ᠲᠣᠭᠲᠠᠭᠠᠬᠤ ᠪᠠ ᠨᠠᠮ ᠤᠨ ᠭᠡᠰᠢᠭᠦᠨ ᠢ ᠡᠯᠰᠡᠵᠦ ᠬᠥᠮᠥᠵᠢᠭᠦᠯᠬᠦ ᠠᠵᠢᠯ ᠢ ᠬᠠᠷᠢᠭᠤᠴᠠᠨ᠎ᠠ᠃    6.ᠪᠦᠬᠦ ᠪᠠᠯᠭᠠᠰᠤᠨ ᠤ ᠡᠷᠡᠭᠦᠯ ᠬᠠᠮᠠᠭᠠᠯᠠᠯ ᠪᠠ ᠲᠥᠯᠥᠪᠯᠡᠭᠡ ᠲᠠᠢ ᠪᠠᠷ ᠬᠡᠦᠬᠡᠳ ᠠᠪᠬᠤ ᠠᠵᠢᠯ ᠤᠨ ᠲᠥᠯᠥᠪᠯᠡᠭᠡ ᠲᠣᠭᠲᠠᠭᠠᠬᠤ ᠪᠠ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠭᠦᠢᠴᠡᠳᠬᠡᠬᠦ ᠲᠤᠭ᠎ᠠ ᠶᠢ ᠰᠠᠯᠭᠠᠨ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠵᠤ᠂ ᠡᠬᠡ ᠣᠷᠣᠨᠴᠢ ᠡᠷᠡᠭᠦᠯ ᠬᠠᠮᠠᠭᠠᠯᠠᠯ᠂ ᠲᠥᠯᠥᠪᠯᠡᠭᠡ ᠲᠠᠢ ᠪᠠᠷ ᠬᠡᠦᠬᠡᠳ ᠠᠪᠬᠤ᠂ ᠬᠤᠲᠠ ᠶᠢᠨ ᠦᠵᠡᠮᠵᠢ ᠶᠢᠨ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠥᠷᠨᠢᠭᠦᠯᠦᠨ᠎ᠡ᠃    7. ᠴᠡᠷᠢᠭ ᠡᠯᠰᠡᠬᠦ᠂ ᠠᠯᠪᠠᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠭᠠᠮᠰᠢᠭ ᠠᠴᠠ ᠠᠪᠤᠷᠠᠨ ᠲᠡᠳᠬᠦᠬᠦ ᠠᠵᠢᠯ ᠢ ᠬᠠᠷᠢᠭᠤᠴᠠᠨ ᠰᠠᠶᠢᠲᠤᠷ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠭᠠᠷ ᠠᠴᠠ ᠰᠡᠷᠭᠡᠶᠢᠯᠡᠬᠦ᠂ ᠦᠶᠡᠷ  ᠢ ᠰᠡᠷᠭᠡᠶᠢᠯᠡᠬᠦ᠂ ᠭᠠᠵᠠᠷ ᠬᠥᠳᠡᠯᠦᠯᠲᠡ ᠠᠴᠠ ᠰᠡᠷᠭᠡᠶᠢᠯᠡᠬᠦ᠂ ᠵᠠᠮ ᠬᠠᠷᠢᠯᠴᠠᠭ᠎ᠠ ᠶᠢ ᠬᠠᠮᠢᠶᠠᠷᠬᠤ᠂ ᠠᠶᠤᠯ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠨ᠎ᠡ᠃    8. ᠤᠯᠠᠨ ᠲᠦᠮᠡᠨ ᠤ ᠰᠣᠶᠣᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠢ ᠪᠠᠶᠢᠭᠤᠯᠤᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号