ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ᠵᠢᠩᠬᠢᠨᠢ ᠪᠠᠷ ᠰᠦᠯᠵᠢᠶᠡᠨ ᠳᠤ ᠭᠠᠷᠪᠠ
ᠨᠡᠶᠢᠲᠡᠯᠡᠭᠰᠡᠨ ᠴᠠᠭ᠄
2024/4/17
     3 ᠰᠠᠷ᠎ᠠ ᠶᠢᠨ 21᠎ ᠤ ᠡᠳᠦᠷ᠂ ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ︵http://jypy.jyb.cn︶ ᠵᠢᠩᠬᠢᠨᠢ ᠪᠠᠷ ᠰᠦᠯᠵᠢᠶᠡᠨ ᠳᠤ ᠭᠠᠷᠪᠠ᠃ ᠲᠠᠪᠴᠠᠩ ᠪᠣᠯ ᠰᠤᠷᠭᠠᠨ ᠬᠥᠮᠦᠵᠢᠯ ᠤᠨ ᠬᠦᠷᠢᠶᠡᠨ ᠤ ᠴᠤᠤᠷᠬᠠᠯ ᠢ ᠢᠯᠡᠷᠡᠭᠦᠯᠬᠦ᠂ ᠴᠤᠤᠷᠬᠠᠯ ᠢ ᠪᠠᠶᠢᠴᠠᠭᠠᠨ ᠲᠣᠳᠣᠯᠠᠬᠤ᠂ ᠴᠤᠤᠷᠬᠠᠯ ᠢ ᠲᠣᠳᠣᠷᠬᠠᠶᠢᠯᠠᠬᠤ ᠡᠷᠬᠡ ᠰᠦᠷᠲᠦ ᠠᠷᠭ᠎ᠠ ᠵᠠᠮ ᠮᠥᠨ᠂ ᠪᠦᠬᠦ ᠤᠯᠤᠰ ᠤᠨ ᠰᠦᠯᠵᠢᠶᠡᠨ ᠤ ᠴᠤᠤᠷᠬᠠᠯ ᠢ ᠨᠢᠴᠤᠭᠠᠬᠤ ᠬᠤᠯᠪᠣᠯᠳᠤᠨ ᠬᠥᠳᠡᠯᠦᠯᠴᠡᠬᠦ ᠲᠣᠭᠲᠠᠴᠠ ᠳᠤ ᠲᠦᠰᠢᠭᠯᠡᠨ᠂ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠬᠤᠯᠪᠣᠭᠠᠲᠤ ᠴᠤᠤᠷᠬᠠᠯ ᠢ ᠨᠢᠴᠤᠭᠠᠬᠤ ᠲᠠᠪᠴᠠᠩ᠂ ᠲᠥᠪ ᠤᠨ ᠭᠤᠣᠯᠳᠠᠯᠭ᠎ᠠ ᠲᠠᠢ ᠰᠣᠨᠢᠨ ᠮᠡᠳᠡᠭᠡᠨ ᠤ ᠰᠦᠯᠵᠢᠶ᠎ᠡ ᠪᠠ ᠣᠷᠣᠨ ᠨᠤᠲᠤᠭ ᠤᠨ ᠴᠤᠤᠷᠬᠠᠯ ᠢ ᠨᠢᠴᠤᠭᠠᠬᠤ ᠲᠠᠪᠴᠠᠩ᠂ ᠠᠯᠪᠠᠨ ᠤ ᠰᠦᠯᠵᠢᠶ᠎ᠡ ᠵᠢᠴᠢ ᠣᠷᠣᠨ ᠨᠤᠲᠤᠭ ᠤᠨ ᠰᠤᠷᠭᠠᠨ ᠬᠥᠮᠦᠵᠢᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ ᠵᠡᠷᠭᠡ ᠬᠠᠮᠵᠢᠨ ᠬᠥᠳᠡᠯᠦᠯᠴᠡᠵᠦ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠰᠦᠯᠵᠢᠶᠡᠨ ᠤ ᠴᠤᠤᠷᠬᠠᠯ ᠢ ︽ᠬᠤᠯᠪᠤᠭᠠᠯᠠᠨ ᠬᠥᠳᠡᠯᠦᠯᠴᠡᠵᠦ ᠢᠯᠡᠴᠢᠯᠡᠬᠦ᠂ ᠬᠤᠯᠪᠤᠭᠠᠯᠠᠨ ᠬᠥᠳᠡᠯᠦᠯᠴᠡᠵᠦ ᠪᠠᠶᠢᠴᠠᠭᠠᠨ ᠲᠣᠳᠣᠯᠠᠬᠤ᠂ ᠬᠤᠯᠪᠤᠭᠠᠯᠠᠨ ᠬᠥᠳᠡᠯᠦᠯᠴᠡᠵᠦ ᠴᠤᠤᠷᠬᠠᠯ ᠢ ᠨᠢᠴᠤᠭᠠᠬᠤ︾ ᠠᠵᠢᠯ ᠤᠨ ᠵᠠᠭᠪᠤᠷ ᠢ ᠪᠠᠶᠢᠭᠤᠯᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠰᠠᠶᠢᠨ ᠰᠠᠶᠢᠠᠬᠠᠨ ᠰᠦᠯᠵᠢᠶᠡᠨ ᠤ ᠣᠷᠣᠨ ᠵᠠᠢ ᠶᠢ ᠪᠣᠢ ᠪᠣᠯᠭᠠᠬᠤ ᠳᠤ ᠢᠳᠡᠪᠬᠢᠲᠡᠢ ᠬᠦᠴᠦᠨ ᠨᠡᠮᠡᠷᠢᠯᠡᠨ᠎ᠡ᠃             ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ︽ᠲᠠᠪᠤᠨ ᠲᠠᠪᠴᠠᠩ ᠨᠢᠭᠡ ᠰᠠᠮᠪᠠᠷ᠎ᠠ︾᠎ ᠶᠢ ᠪᠠᠶᠢᠭᠤᠯᠵᠤ᠂ ᠢᠯᠡᠴᠢᠯᠡᠬᠦ ᠲᠠᠪᠴᠠᠩ᠂ ᠬᠠᠷᠢᠭᠤ ᠪᠤᠴᠠᠭᠠᠬᠤ ᠲᠠᠪᠴᠠᠩ᠂ ᠰᠠᠨᠠᠭᠤᠯᠬᠤ ᠲᠠᠪᠴᠠᠩ᠂ ᠰᠤᠷᠤᠯᠴᠠᠬᠤ ᠲᠠᠪᠴᠠᠩ᠂ ᠪᠠᠶᠢᠴᠠᠭᠠᠨ ᠲᠣᠳᠣᠯᠠᠬᠤ ᠲᠠᠪᠴᠠᠩ ᠪᠠ ᠴᠤᠤᠷᠬᠠᠯ ᠢ ᠨᠢᠴᠤᠭᠠᠬᠤ ᠰᠠᠮᠪᠠᠷ᠎ᠠ ᠶᠢ ᠪᠠᠭᠲᠠᠭᠠᠨ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠴᠤᠤᠷᠬᠠᠯ ᠢ ᠴᠠᠭ ᠲᠤᠬᠠᠢ ᠳᠤ ᠨᠢ ᠨᠢᠴᠤᠭᠠᠵᠤ᠂ ᠴᠠᠭ ᠲᠤᠬᠠᠢ ᠳᠤ ᠨᠢ ᠢᠯᠡᠴᠢᠯᠡᠨ᠎ᠡ᠃ ᠢᠯᠡᠴᠢᠯᠡᠬᠦ ᠲᠠᠪᠴᠠᠩ ᠰᠤᠷᠭᠠᠨ ᠬᠥᠮᠦᠵᠢᠯ ᠤᠨ ᠬᠦᠷᠢᠶᠡᠨ ᠳᠠᠬᠢ ᠡᠯ᠎ᠡ ᠲᠥᠷᠥᠯ ᠤᠨ ᠴᠤᠤᠷᠬᠠᠯ ᠢ ᠨᠢᠴᠤᠭᠠᠬᠤ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠨ᠎ᠡ︔ ᠬᠠᠷᠢᠭᠤ ᠪᠤᠴᠠᠭᠠᠬᠤ ᠲᠠᠪᠴᠠᠩ ᠰᠤᠷᠭᠠᠨ ᠬᠥᠮᠦᠵᠢᠯ ᠤᠨ ᠡᠷᠬᠡ ᠰᠦᠷᠲᠦ ᠰᠠᠯᠠᠭ᠎ᠠ ᠮᠥᠴᠢᠷ ᠤᠨ ᠬᠠᠯᠠᠮᠰᠢᠯ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠷᠢᠭᠤ ᠪᠤᠴᠠᠭᠠᠬᠤ ᠮᠡᠳᠡᠭᠡ ᠵᠠᠩᠭᠢ ᠳᠤ ᠠᠩᠬᠠᠷᠤᠯ ᠢᠶᠠᠨ ᠲᠥᠪᠯᠡᠷᠡᠭᠦᠯᠪᠡ︔ ᠰᠠᠨᠠᠭᠤᠯᠬᠤ ᠲᠠᠪᠴᠠᠩ ᠰᠡᠷᠡᠮᠵᠢᠯᠡᠭᠦᠯᠵᠦ ᠰᠠᠨᠠᠭᠤᠯᠬᠤ ᠮᠡᠳᠡᠭᠡ ᠵᠠᠩᠭᠢ ᠶᠢ ᠴᠤᠭᠯᠠᠭᠤᠯᠵᠤ᠂ ᠣᠯᠠᠨ ᠢ ᠬᠠᠪᠰᠤᠷᠤᠨ ᠴᠤᠤᠷᠬᠠᠯ ᠢ ᠨᠠᠷᠢᠯᠢᠭ ᠣᠨᠣᠴᠠᠲᠠᠢ ᠲᠠᠨᠢᠭᠤᠯᠤᠨ᠎ᠠ︔ ᠰᠤᠷᠤᠯᠴᠠᠬᠤ ᠲᠠᠪᠴᠠᠩ ᠰᠦᠯᠵᠢᠶᠡᠨ ᠤ ᠴᠤᠤᠷᠬᠠᠯ ᠢ ᠴᠡᠴᠡᠭᠯᠡᠨ ᠵᠠᠰᠠᠬᠤ ᠶᠢ ᠴᠢᠩᠭᠠᠳᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠰᠣᠨᠢᠨ ᠮᠡᠳᠡᠭᠡᠨ ᠤ ᠬᠠᠨᠳᠤᠰᠢ ᠵᠡᠷᠭᠡ ᠶᠢ ᠰᠢᠩᠭᠡᠬᠡᠨ ᠣᠷᠣᠭᠤᠯᠪᠠ︔ ᠪᠠᠶᠢᠴᠠᠭᠠᠨ ᠲᠣᠳᠣᠯᠠᠬᠤ ᠲᠠᠪᠴᠠᠩ ︽ᠰᠤᠷᠭᠠᠭᠤᠯᠢ  ᠶᠢᠨ ᠬᠦᠷᠢᠶᠡᠨ ᠤ ᠠᠮᠤᠷ ᠲᠦᠪᠰᠢᠨ︾᠂ ︽ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ︾᠂ ︽ᠵᠢᠭᠠᠬᠤ ᠮᠠᠲ᠋ᠧᠷᠢᠶᠠᠯ ᠬᠢᠴᠢᠶᠡᠯ︾᠂ ︽ᠰᠢᠯᠭᠠᠯᠲᠠ ᠪᠠᠷ ᠰᠤᠷᠤᠭᠴᠢ ᠡᠯᠰᠡᠬᠦ︾᠂ ︽ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ︾ ᠵᠡᠷᠭᠡ ᠵᠠᠩᠭᠢᠯᠠᠭ᠎ᠠ ᠶᠢᠨ ᠦᠭᠡ ᠪᠠᠷ ᠴᠤᠤᠷᠬᠠᠯ ᠢ ᠲᠥᠷᠥᠯ ᠬᠤᠪᠢᠶᠠᠵᠤ᠂ ᠣᠯᠠᠨ ᠤ ᠪᠠᠶᠢᠴᠠᠭᠠᠨ ᠲᠣᠳᠣᠯᠠᠬᠤ ᠳᠤ ᠳᠥᠭᠦᠮ ᠦᠵᠡᠭᠦᠯᠪᠡ︔ ᠴᠤᠤᠷᠬᠠᠯ ᠢ ᠨᠢᠴᠤᠭᠠᠬᠤ ᠰᠠᠮᠪᠠᠷ᠎ᠠ ᠳᠤ ᠠᠩᠬᠠᠷᠤᠯ ᠤᠨ ᠬᠡᠮᠵᠢᠶ᠎ᠡ ᠶᠡᠭᠡ ᠰᠤᠷᠭᠠᠨ ᠬᠥᠮᠦᠵᠢᠯ ᠤᠨ ᠴᠤᠤᠷᠬᠠᠯ ᠤᠨ ᠮᠡᠳᠡᠭᠡ ᠵᠠᠩᠭᠢ ᠶᠢ ᠨᠠᠷᠢᠯᠢᠭ ᠰᠣᠩᠭᠤᠵᠤ ᠭᠡᠷᠡᠯ ᠵᠢᠷᠤᠭ ᠪᠤᠶᠤ ᠣᠬᠤᠷ ᠸᠢᠳᠢᠤ᠋ ᠶᠢᠨ ᠬᠡᠯᠪᠡᠷᠢ ᠪᠠᠷ ᠰᠠᠷ᠎ᠠ ᠪᠣᠯᠭᠠᠨ ᠠᠵᠢᠯᠯᠠᠭ᠎ᠠ ᠥᠷᠨᠢᠭᠦᠯᠪᠡ᠃             ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ᠢ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠣᠨᠢᠨ ᠮᠡᠳᠡᠭᠡᠨ ᠤ ᠰᠦᠯᠵᠢᠶ᠎ᠡ ᠳᠠᠭᠠᠭᠠᠴᠢᠯᠠᠨ ᠡᠷᠬᠢᠯᠡᠪᠡ᠃ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠣᠨᠢᠨ ᠮᠡᠳᠡᠭᠡᠨ ᠤ ᠰᠦᠯᠵᠢᠶ᠎ᠡ ᠲᠤᠰᠬᠠᠢ ᠪᠤᠯᠤᠩ ᠭᠠᠷᠭᠠᠭᠰᠠᠨ ᠠᠴᠠ ᠭᠠᠳᠠᠨ᠎ᠠ᠂ ᠰᠤᠷᠭᠠᠨ ᠬᠥᠮᠦᠵᠢᠯ ᠤᠨ ᠶᠠᠮᠤᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠸᠢᠴᠠᠲ ᠤᠨ ᠰᠤᠷᠭᠠᠨ ᠬᠥᠮᠦᠵᠢᠯ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠬᠡᠷᠡᠭᠯᠡᠭᠴᠢ ᠶᠢᠨ ᠦᠵᠦᠭᠦᠷ ᠵᠢᠴᠢ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠣᠨᠢᠨ ᠤ ᠸᠢᠴᠠᠲ᠂ ᠸᠧᠢ ᠪᠥᠸᠧ᠂ ᠬᠡᠷᠡᠭᠯᠡᠭᠴᠢ ᠶᠢᠨ ᠦᠵᠦᠭᠦᠷ ᠵᠡᠷᠭᠡ ᠴᠦ ᠵᠡᠷᠭᠡ ᠪᠠᠷ ᠲᠤᠰᠬᠠᠢ ᠪᠤᠯᠤᠩ ᠭᠠᠷᠭᠠᠵᠤ᠂ ᠡᠯ᠎ᠡ ᠲᠥᠷᠥᠯ ᠤᠨ ᠴᠤᠤᠷᠬᠠᠯ ᠢ ᠨᠢᠴᠤᠭᠠᠬᠤ ᠮᠡᠳᠡᠭᠡ ᠵᠠᠩᠭᠢ ᠶᠢ ᠭᠤᠣᠯᠳᠠᠯᠭ᠎ᠠ ᠲᠠᠢ ᠬᠦᠷᠭᠡᠬᠦ ᠪᠣᠯᠣᠨ᠎ᠠ᠃           ᠵᠡᠭᠦᠨ ᠲᠠᠯ᠎ᠠ ᠶᠢᠨ ᠳᠣᠣᠷ᠎ᠠ ᠥᠨᠴᠥᠭ ᠤᠨ ︽ᠤᠭ ᠵᠣᠬᠢᠶᠠᠯ ᠢ ᠤᠩᠰᠢᠬᠤ︾᠎ ᠶᠢ ᠳᠣᠶ᠋ᠢᠵᠤ᠂ ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ᠳᠤ ᠣᠷᠣᠨ᠎ᠠ᠂ ᠡᠰᠡᠬᠦᠯ᠎ᠡ ︽ᠸᠢᠴᠠᠲ ᠤᠨ ᠰᠤᠷᠭᠠᠨ ᠬᠥᠮᠦᠵᠢᠯ︾᠎ ᠤᠨ ᠸᠢᠴᠠᠲ ᠢ ᠠᠩᠬᠠᠷᠴᠤ᠂ ᠣᠯᠠᠨ ᠨᠡᠶᠢᠲᠡ ᠶᠢᠨ ᠲᠠᠪᠴᠠᠩ ᠤᠨ ᠲᠡᠷᠢᠭᠦᠨ ᠨᠢᠭᠤᠷ ᠤᠨ ︽ᠦᠢᠯᠡᠴᠢᠯᠡᠭᠡ︾᠎ ᠶᠢ ᠳᠣᠶ᠋ᠢᠵᠤ᠂ ︽ᠴᠤᠤᠷᠬᠠᠯ ᠢ ᠨᠢᠴᠤᠭᠠᠬᠤ ᠲᠠᠪᠴᠠᠩ︾᠎ ᠢ ᠰᠣᠩᠭᠤᠨ ᠣᠷᠣᠵᠤ ᠪᠣᠯᠣᠨ᠎ᠠ᠃  
 
ᠢᠷᠡᠯᠲᠡ᠄ ᠬᠢᠩᠭᠠᠨ ᠠᠢᠮᠠᠭ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号