ᠬᠤᠳᠣᠭᠤᠳᠤ ᠶᠢ ︽ᠬᠥᠭᠰᠢᠷᠡᠭᠦᠯᠦᠭᠴᠢ︾ - ᠳᠠᠪᠤᠰᠤ ᠶᠡᠬᠡᠲᠡᠢ ᠢᠳᠡᠭᠡᠨ
ᠨᠡᠶᠢᠲᠡᠯᠡᠭᠰᠡᠨ ᠴᠠᠭ᠄
2024/4/17
      ᠳᠠᠪᠤᠰᠤ ᠶᠡᠬᠡᠲᠡᠢ ᠢᠳᠡᠭᠡᠨ ᠤᠮᠳᠠᠭᠠᠨ ᠤ ᠬᠤᠣᠷ ᠬᠥᠨᠥᠭᠡᠯ ᠨᠢ ᠵᠦᠪᠬᠡᠨ ᠴᠢᠰᠤᠨ ᠳᠠᠷᠤᠯᠲᠠ ᠶᠢ ᠥᠨᠳᠥᠷ   ᠪᠤᠯᠭᠠᠬᠤ ᠲᠡᠳᠦᠢ ᠪᠢᠰᠢ᠂ ᠬᠤᠳᠣᠭᠤᠳᠤᠨ ᠤ ᠦᠷᠪᠢᠰᠦᠯ ᠤᠨ ᠡᠭᠦᠰᠦᠯᠲᠡ ᠨᠢ ᠴᠤ ᠳᠠᠪᠤᠰᠤ ᠶᠡᠬᠡᠲᠡᠢ ᠢᠳᠡᠭᠡᠨ   ᠤᠮᠳᠠᠭᠠᠨ ᠲᠠᠢ ᠨᠢᠭᠲᠠ ᠬᠠᠷᠢᠴᠠᠭ᠎ᠠ ᠲᠠᠢ ᠪᠠᠶᠢᠳᠠᠭ᠃             ᠳᠠᠪᠤᠰᠤ ᠶᠢ ᠬᠡᠲᠦᠷᠬᠡᠢ ᠠᠷᠪᠢᠨ ᠰᠢᠩᠭᠡᠭᠡᠪᠡᠯ ᠬᠤᠳᠣᠭᠤᠳᠤᠨ ᠤ ᠰᠠᠯᠢᠰᠤᠲᠤ ᠪᠦᠷᠬᠦᠪᠴᠢ ᠳᠤ ᠰᠡᠳᠦᠯᠲᠡ   ᠥᠭᠴᠦ᠂ ᠬᠤᠳᠣᠭᠤᠳᠤᠨ ᠬᠠᠨ᠎ᠠ ᠶᠢᠨ ᠡᠰ ᠢ ᠬᠤᠪᠢᠷᠠᠭᠤᠯᠤᠨ ᠤᠨᠠᠭᠠᠵᠤ ᠮᠡᠳᠡᠨ᠎ᠡ᠃ ᠬᠠᠨ᠎ᠠ ᠶᠢᠨ ᠡᠰ ᠪᠣᠯ   ᠬᠤᠳᠣᠭᠤᠳᠤᠨ ᠤ ᠡᠷᠡᠭᠦᠯ ᠮᠡᠨᠳᠤ ᠶᠢ ᠬᠠᠮᠠᠭᠠᠯᠠᠬᠤ ᠬᠠᠯᠬᠠᠪᠴᠢ ᠮᠥᠨ᠂ ᠬᠡᠷᠪᠡ ᠡᠪᠳᠡᠭᠳᠡᠪᠡᠯ ᠬᠤᠳᠣᠭᠤᠳᠤᠨ ᠤ   ᠦᠷᠪᠢᠰᠦᠯ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠵᠦ᠂ ᠬᠦᠨᠳᠦ ᠨᠣᠴᠢᠲᠠᠢ ᠨᠢ ᠪᠠᠰᠠ ᠬᠤᠳᠣᠭᠤᠳᠤᠨ ᠤ   ᠦᠮᠡᠨ ᠢ ᠡᠭᠦᠰᠬᠡᠵᠦ ᠮᠡᠳᠡᠨ᠎ᠡ᠃            ᠨᠣᠭᠤᠭ᠎ᠠ ᠬᠢᠬᠦ ᠳᠡᠭᠡᠨ ᠲᠣᠭᠤᠭᠠᠨ ᠠᠴᠠ ᠪᠠᠨ ᠭᠠᠷᠭᠠᠬᠤ ᠦᠶ᠎ᠡ ᠳᠤ ᠳᠠᠪᠤᠰᠤ ᠬᠢᠬᠦ ᠶᠢ ᠰᠠᠨᠠᠭᠠᠴᠢᠯᠠᠨ᠎ᠠ︔   ᠨᠣᠭᠤᠭ᠎ᠠ ᠬᠢᠬᠦ ᠳᠤ ᠼᠤᠤ ᠪᠠᠷ ᠠᠮᠲᠠ ᠣᠷᠣᠭᠤᠯᠵᠤ ᠪᠣᠯᠣᠨ᠎ᠠ᠂ ᠤᠴᠢᠷ ᠨᠢ ᠪᠠᠭ᠎ᠠ ᠬᠡᠮᠵᠢᠶᠡᠨ ᠤ ᠼᠤᠤ ᠨᠢ ᠱᠣᠷᠪᠣᠭ  ᠠᠮᠲᠠ ᠶᠢ ᠨᠡᠮᠡᠭᠳᠡᠭᠦᠯᠳᠡᠭ᠃         ᠪᠠᠰᠠ ᠦᠨᠦᠷᠲᠦ ᠨᠠᠪᠴᠢ᠂ ᠬᠤᠤᠵᠤᠤ ᠶᠢᠨ ᠨᠤᠨᠳᠠᠭ᠂ ᠶᠡᠷᠮ᠎ᠡ᠂ ᠰᠣᠩᠭᠢᠨ᠎ᠠ ᠰᠠᠷᠢᠮᠰᠠᠭ ᠭᠠ ᠮᠡᠲᠦ ᠶᠢᠨ  ᠪᠠᠶᠢᠭᠠᠯᠢᠯᠢᠭ ᠠᠮᠲᠠ ᠤᠷᠤᠭᠤᠯᠬᠤ ᠡᠳ᠋ ᠢ ᠢᠯᠡᠭᠦᠦ ᠰᠢᠭ ᠬᠢᠵᠦ ᠪᠣᠯᠣᠨ᠎ᠠ᠃           ᠠᠮᠢᠳᠤᠷᠠᠯ ᠳᠤᠮᠳᠠ ᠳᠠᠪᠤᠰᠤᠯᠠᠭᠰᠠᠨ ᠨᠣᠭᠤᠭ᠎ᠠ᠂ ᠳᠠᠷᠤᠰᠢᠯᠠᠭᠰᠠᠨ ᠨᠣᠭᠤᠭ᠎ᠠ᠂ ᠪᠤᠷᠴᠠᠭ ᠤᠨ ᠵᠢᠶᠠᠩ᠂   ᠳᠠᠪᠤᠰᠤᠯᠠᠭᠰᠠᠨ ᠮᠢᠬ᠎ᠠ᠂ ᠰᠢᠷᠠᠮ ᠵᠡᠷᠭᠡ ᠨᠢᠭᠤᠭᠳᠠᠮᠠᠯ ᠳᠠᠪᠤᠰᠤ ᠲᠠᠢ ᠢᠳᠡᠭᠡᠨ ᠢ ᠪᠠᠭ᠎ᠠ ᠢᠳᠡᠵᠦ᠂ ᠨᠣᠭᠤᠭ᠎ᠠ  ᠬᠢᠬᠦ ᠳᠤ ᠵᠢᠶᠠᠩᠶ᠋ᠢᠦ ᠬᠢᠪᠡᠯ ᠳᠠᠪᠤᠰᠤ ᠶᠢ ᠪᠠᠭ᠎ᠠ ᠬᠢᠬᠦ ᠬᠡᠷᠡᠭᠲᠡᠢ᠂ ᠤᠴᠢᠷ ᠨᠢ 10ml ᠵᠢᠶᠠᠩᠶ᠋ᠢᠦ ᠳᠤ ᠪᠠᠷᠤᠭ 1.6  g ᠳᠠᠪᠤᠰᠤ ᠠᠭᠤᠯᠳᠠᠭ᠃             ᠡᠭᠦᠨ ᠠᠴᠠ ᠭᠠᠳᠠᠨ᠎ᠠ᠂ ᠪᠣᠭᠤᠳᠠᠯᠯᠠᠭᠰᠠᠨ ᠢᠳᠡᠬᠡᠨ ᠢ ᠬᠤᠳᠠᠯᠳᠤᠨ ᠠᠪᠬᠤ ᠳᠠᠭᠠᠨ ᠰᠢᠮ᠎ᠡ ᠲᠡᠵᠢᠭᠡᠯ ᠤᠨ   ᠪᠦᠷᠢᠯᠳᠦᠭᠦᠨ ᠤ ᠬᠦᠰᠦᠨᠦᠭᠲᠦ ᠶᠢ ᠦᠵᠡᠵᠦ᠂ ᠴᠢᠳᠠᠬᠤ ᠶᠢᠨ ᠳᠣᠲᠣᠷ᠎ᠠ ᠳᠠᠪᠤᠰᠤ ᠶᠡᠬᠡᠲᠡᠢ ᠢᠳᠡᠭᠡᠨ ᠢ ᠬᠤᠳᠠᠯᠳᠤᠨ  ᠠᠪᠬᠤ ᠦᠭᠡᠢ᠂ ᠥᠭᠡᠷ᠎ᠡ ᠪᠠᠷ ᠬᠡᠯᠡᠪᠡᠯ ᠨᠠᠳ᠋ᠷᠢ ᠶᠢᠨ ᠠᠭᠤᠯᠠᠭᠳᠠᠴᠠ ᠨᠢ 800mg/100g ᠲᠡᠩᠴᠡᠭᠦᠦ ᠪᠤᠶᠤ   ᠶᠡᠭᠡ ᠪᠤᠯᠬᠤ ᠢᠳᠡᠭᠡᠨ ᠢ ᠬᠤᠳᠠᠯᠳᠤᠨ ᠠᠪᠬᠤ ᠦᠭᠡᠢ ᠪᠣᠯ ᠰᠠᠶᠢᠨ᠃    ︵ᠳᠤᠰ ᠪᠤᠯᠤᠩ ᠤᠨ ᠡᠬᠡ ᠪᠢᠴᠢᠭ ᠤᠳ ᠢ ︽ᠠᠷᠠᠳ ᠤᠨ ᠰᠦᠯᠵᠢᠶ᠎ᠡ︾᠎ ᠠᠴᠠ ᠰᠢᠯᠵᠢᠭᠦᠯᠪᠡ︶        
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号