ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠮᠢᠬᠠᠨ ᠦᠬᠡᠷ ᠤᠨ ᠬᠡᠪᠴᠢᠶᠡᠵᠢᠭᠦᠯᠦᠨ ᠪᠣᠷᠳᠣᠵᠤ ᠲᠠᠷᠭᠤᠯᠠᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠵᠦ ᠵᠠᠷᠯᠠᠨ ᠨᠡᠶᠢᠲᠡᠯᠡᠬᠦ ᠠᠯᠪᠠᠨ ᠵᠠᠷ
ᠨᠡᠶᠢᠲᠡᠯᠡᠭᠰᠡᠨ ᠴᠠᠭ᠄
2024/4/17
    ᠨᠢᠭᠡ᠂ ᠲᠥᠷᠥᠯ ᠵᠦᠢᠯ ᠤᠨ ᠲᠣᠶᠢᠮᠣ     ︵ᠨᠢᠭᠡ︶ ᠪᠦᠲᠦᠭᠡᠨ ᠪᠠᠶᠢᠭᠤᠯᠬᠤ ᠭᠠᠵᠠᠷ᠄ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠣᠯ ᠭᠤᠣᠯ ᠪᠠᠯᠭᠠᠰᠤ ᠠᠴᠠ ᠵᠡᠭᠦᠨ᠊ ᠰᠢ 10 ᠺᠢᠯᠣᠮᠧᠲᠷ ᠵᠠᠶᠢᠲᠠᠢ ᠭᠠᠵᠠᠷ᠃     ︵ᠬᠤᠶᠠᠷ︶ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠬᠢᠭᠡᠳ ᠠᠭᠤᠯᠭ᠎ᠠ᠄ ᠪᠠᠷᠢᠯᠭ᠎ᠠ ᠶᠢᠨ ᠶᠡᠷᠦᠩᠬᠡᠢ ᠲᠠᠯᠠᠪᠠᠢ ᠨᠢ 49008 ᠺᠤᠳ᠋ ᠮᠧᠲᠷ᠂ ᠡᠭᠦᠨ ᠳᠤ 6010 ᠺᠤᠳ᠋ ᠮᠧᠲᠷ ᠤᠨ ᠦᠬᠡᠷ ᠤᠨ ᠫᠧᠩ 4 ᠰᠠᠭᠤᠷᠢ᠂ 5768 ᠺᠤᠳ᠋ ᠮᠧᠲᠷ ᠤᠨ ᠦᠬᠡᠷ ᠤᠨ ᠫᠸᠡᠩ 2 ᠰᠠᠭᠤᠷᠢ᠂ 960 ᠺᠤᠳ᠋ ᠮᠧᠲᠷ ᠤᠨ ᠬᠠᠮᠢᠶᠠᠷᠤᠯᠲᠠ ᠳᠤ ᠬᠡᠷᠡᠭᠯᠡᠬᠦ ᠭᠡᠷ 2 ᠰᠠᠭᠤᠷᠢ᠂ 2760  ᠺᠤᠳ᠋ ᠮᠧᠲᠷ ᠤᠨ ᠡᠪᠡᠰᠦᠨ ᠰᠠᠷᠠᠪᠴᠢ 2 ᠰᠠᠭᠤᠷᠢ᠂ 72  ᠺᠤᠳ᠋ ᠮᠧᠲᠷ ᠤᠨ ᠡᠭᠦᠳᠡᠨ ᠬᠠᠷᠠᠭᠤᠯ ᠤᠨ ᠭᠡᠷ 1 ᠰᠠᠭᠤᠷᠢ᠂ 672  ᠺᠤᠳ᠋ ᠮᠧᠲᠷ ᠮᠠᠰᠢᠨ ᠤ ᠬᠥᠮᠥᠷᠭᠡ 1 ᠰᠠᠭᠤᠷᠢ᠂ 672 ᠺᠤᠳ᠋ ᠮᠧᠲᠷ ᠤᠨ ᠬᠥᠮᠥᠷᠭᠡ 1 ᠰᠠᠭᠤᠷᠢ᠂ 4032 ᠺᠤᠳ᠋ ᠮᠧᠲᠷ ᠤᠨ ᠨᠠᠷᠢᠯᠢᠭ ᠮᠠᠲ᠋ᠧᠷᠢᠶᠠᠯ ᠤᠨ ᠦᠢᠯᠡᠳᠪᠦᠷᠢ ᠶᠢᠨ ᠭᠡᠷ 1 ᠰᠠᠭᠤᠷᠢ᠂ ᠭᠠᠵᠠᠷ ᠤᠨ ᠫᠦᠨᠲ 1 ᠰᠠᠭᠤᠷᠢ᠂ 50 ᠺᠦᠪ ᠮᠧᠲᠷ ᠤᠨ ᠠᠷᠢᠭᠤᠳᠬᠠᠬᠤ ᠴᠥᠭᠦᠷᠥᠮ 1 ᠰᠠᠭᠤᠷᠢ᠂ ᠭᠠᠯ ᠤᠨᠲᠠᠷᠠᠭᠠᠬᠤ ᠤᠰᠤᠨ ᠴᠥᠭᠦᠷᠥᠮ ᠪᠠ ᠬᠥᠭᠡᠷᠭᠡ ᠶᠢᠨ ᠠᠰᠢᠭᠲᠤ ᠪᠠᠭᠲᠠᠭᠠᠮᠵᠢ 972 ᠺᠥᠪ ᠮᠧᠲᠷ ︵ᠭᠠᠵᠠᠷ ᠡᠵᠡᠯᠡᠬᠦ ᠲᠠᠯᠠᠪᠠᠢ ᠨᠢ 532 ᠺᠤᠳ᠋ ᠮᠧᠲᠷ᠂ ᠭᠠᠵᠠᠷ ᠳᠡᠭᠡᠷᠡᠬᠢ ᠨᠢᠭᠡᠳᠦᠭᠡᠷ ᠳᠠᠪᠬᠤᠷᠯᠢᠭ ᠤᠨ ᠲᠠᠯᠠᠪᠠᠢ 12 ᠺᠤᠳ᠋ ᠮᠧᠲᠷ︶᠎ ᠢ ᠪᠠᠭᠲᠠᠭᠠᠭᠰᠠᠨ ᠪᠥᠭᠡᠳ ᠤᠰᠤ᠂ ᠴᠠᠬᠢᠯᠭᠠᠨ᠂ ᠭᠠᠯ ᠤᠨᠲᠠᠷᠠᠭᠠᠬᠤ ᠬᠤᠭᠤᠯᠠᠢ ᠶᠢᠨ ᠲᠣᠣᠷ᠂ ᠬᠠᠲᠠᠭᠤᠷᠠᠭᠤᠯᠬᠤ ᠵᠡᠷᠭᠡ ᠳᠠᠭᠠᠯᠲᠠ ᠲᠥᠬᠦᠭᠡᠷᠦᠮᠵᠢ ᠶᠢᠨ ᠪᠠᠷᠢᠯᠭ᠎ᠠ ᠶᠢ ᠢᠵᠢ ᠪᠦᠷᠢᠳᠦᠭᠦᠯᠦᠨ ᠪᠠᠶᠢᠭᠤᠯᠤᠨ᠎ᠠ᠃    ︵ᠭᠤᠷᠪᠠ︶ ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ᠄ ᠰᠢᠨ᠎ᠡ ᠪᠠᠷ ᠪᠠᠶᠢᠭᠤᠯᠬᠤ    ︵ᠳᠥᠷᠪᠡ︶ ᠪᠦᠲᠦᠭᠡᠨ ᠪᠠᠶᠢᠭᠤᠯᠬᠤ ᠬᠤᠭᠤᠴᠠᠭ᠎ᠠ᠄ 2024 ᠣᠨ ᠤ 4 ᠰᠠᠷ᠎ᠠ ︱ 2026 ᠣᠨ ᠤ 10 ᠰᠠᠷ᠎ᠠ᠃    ︵ᠲᠠᠪᠤ︶ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠬᠢᠭᠡᠳ ᠪᠡᠯᠡ ᠮᠥᠩᠭᠦ ᠴᠤᠭᠯᠠᠭᠤᠯᠬᠤ᠄ ᠲᠤᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢ ᠪᠠᠷᠤᠭᠯᠠᠨ ᠪᠤᠳᠤᠭᠰᠠᠨ ᠨᠢ 9842.63 ᠲᠦᠮᠡᠨ ᠲᠥᠭᠦᠷᠢᠭ᠂ ᠡᠭᠦᠨ ᠲᠤ᠄ ᠪᠠᠷᠢᠯᠭ᠎ᠠ ᠶᠢᠨ ᠵᠠᠷᠤᠳᠠᠯ ᠤᠨ ᠪᠡᠯᠡ ᠣᠷᠣᠭᠤᠯᠤᠯᠲᠠ ᠶᠢ ᠪᠠᠷᠤᠭᠯᠠᠨ ᠪᠤᠳᠤᠭᠰᠠᠨ ᠨᠢ 8495.28 ᠲᠦᠮᠡᠨ ᠲᠥᠭᠦᠷᠢᠭ᠂ ᠪᠤᠰᠤᠳ ᠵᠠᠷᠤᠳᠠᠯ ᠤᠨ ᠪᠡᠯᠡ ᠣᠷᠣᠭᠤᠯᠤᠯᠲᠠ ᠶᠢ ᠪᠠᠷᠤᠭᠯᠠᠨ ᠪᠤᠳᠤᠭᠰᠠᠨ ᠨᠢ 667.73 ᠲᠦᠮᠡᠨ ᠲᠥᠭᠦᠷᠢᠭ᠂ ᠦᠨᠳᠦᠰᠦᠨ ᠪᠡᠯᠡᠳᠬᠡᠯ ᠵᠠᠷᠤᠳᠠᠯ 679.62 ᠲᠦᠮᠡᠨ ᠲᠥᠭᠦᠷᠢᠭ᠂ ᠪᠡᠯᠡ ᠮᠥᠩᠭᠦ ᠶᠢᠨ ᠢᠷᠡᠯᠲᠡ ᠨᠢ᠄ ᠪᠥᠬᠦᠨ ᠢ ᠣᠷᠣᠨ ᠨᠤᠲᠤᠭ ᠤᠨ ᠡᠳ᠋ ᠤᠨ ᠵᠠᠰᠠᠭ ᠠᠴᠠ ᠰᠢᠢᠳᠪᠦᠷᠢᠯᠡᠨ᠎ᠡ᠃     ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠬᠦᠷᠢᠶ᠎ᠡ ᠬᠡᠪᠴᠢᠶ᠎ᠡ ᠵᠢᠴᠢ ᠭᠤᠣᠯ ᠪᠣᠯᠬᠤ ᠵᠦᠢᠯ ᠤᠳ     ᠵᠠᠷᠯᠠᠨ ᠨᠡᠶᠢᠲᠡᠯᠡᠬᠦ ᠡᠲᠡᠭᠡᠳ ᠨᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠵᠢᠴᠢ ᠡᠷᠬᠢᠨ ᠲᠣᠭᠤᠷᠢᠨ ᠤ ᠨᠥᠯᠥᠭᠡᠯᠡᠭᠳᠡᠭᠰᠡᠨ ᠮᠠᠯᠴᠢᠨ ᠲᠠᠷᠢᠶᠠᠴᠢᠨ ᠪᠣᠯᠣᠨ᠎ᠠ᠃ ᠭᠤᠣᠯᠳᠠᠭᠤ ᠣᠯᠠᠨ ᠨᠡᠶᠢᠲᠡ ᠶᠢᠨ ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠲᠠᠬᠢ ᠣᠪᠣᠷ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠵᠢᠴᠢ ᠪᠠᠶᠢᠭᠤᠯᠤᠭᠳᠠᠭᠰᠠᠨ ᠤ ᠳᠠᠷᠠᠭᠠᠬᠢ ᠭᠤᠣᠯ ᠪᠣᠯᠬᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠰᠠᠭᠤᠳᠠᠯ᠂ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠠᠪᠤᠭᠰᠠᠨ ᠨᠡᠶᠢᠭᠡᠮ ᠤᠨ ᠲᠣᠭᠲᠠᠭᠤᠨ ᠪᠠᠶᠢᠳᠠᠯ ᠤᠨ ᠠᠷᠭ᠎ᠠ ᠬᠡᠮᠵᠢᠶ᠎ᠡ ᠵᠡᠷᠭᠡ ᠰᠠᠨᠠᠯ᠂ ᠰᠠᠨᠠᠭᠤᠯᠭ᠎ᠠ ᠵᠢᠴᠢ ᠪᠤᠰᠤᠳ ᠬᠠᠮᠢᠶ᠎ᠠ ᠪᠦᠬᠦᠢ ᠱᠠᠭᠠᠷᠳᠠᠯᠭ᠎ᠠ ᠶᠢ ᠬᠤᠷᠢᠶᠠᠨ᠎ᠠ᠃ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠣᠯᠠᠨ ᠳᠦᠮᠡᠨ ᠡᠯᠧᠺᠲᠷᠣᠨ ᠰᠢᠤᠳᠠᠨ ᠤ ᠵᠦᠢᠯ᠂ ᠳ᠋ᠢᠶᠠᠩᠬᠤᠸᠠ᠂ ᠹᠠᠺᠰ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠵᠢᠴᠢ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ ᠲᠠᠢ ᠬᠠᠷᠢᠯᠴᠠᠵᠤ᠂ ᠲᠣᠰ ᠲᠥᠷᠥᠯ ᠵᠦᠢᠯ ᠳᠤ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠵᠠᠳᠠᠯᠬᠤ ᠠᠵᠢᠯ ᠤᠨ ᠰᠠᠨᠠᠯ ᠪᠠ ᠰᠠᠨᠠᠭᠤᠯᠭ᠎ᠠ ᠪᠠᠨ ᠢᠯᠡᠳᠬᠡᠵᠦ ᠪᠣᠯᠣᠨ᠎ᠠ᠃ ᠲᠣᠰ ᠤᠳᠠᠭᠠᠨ ᠤ ᠰᠠᠨᠠᠯ ᠬᠤᠷᠢᠶᠠᠬᠤ ᠴᠠᠭ ᠨᠢ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠪᠣᠯᠣᠨ᠎ᠠ᠃     ᠭᠤᠷᠪᠠ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ     ᠬᠠᠷᠢᠯᠴᠠᠬᠤ ᠬᠥᠮᠥᠨ᠄ ᠭᠧᠩ ᠬᠤᠤ     ᠬᠠᠷᠢᠯᠴᠠᠬᠤ ᠤᠲᠠᠰᠤ᠄ 15547924369      ᠪᠦᠲᠦᠭᠡᠨ ᠪᠠᠶᠢᠭᠤᠯᠤᠯᠲᠠ ᠶᠢᠨ ᠨᠢᠭᠡᠴᠡ᠄ ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ‌‍ᠲ᠋ᠧᠭᠨᠢᠭ ᠮᠡᠷᠭᠡᠵᠢᠯ ᠤᠨ ᠲᠣᠪᠴᠢᠶ᠎ᠠ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号