ᠵᠢᠷᠦᠬᠡ ᠶᠢ ︽ᠬᠥᠭᠰᠢᠷᠡᠭᠦᠯᠦᠭᠴᠢ︾ - - ᠳᠠᠰᠢᠭᠤ ᠥᠭᠡᠬᠦᠨ ᠬᠦᠴᠢᠯ
ᠨᠡᠶᠢᠲᠡᠯᠡᠭᠰᠡᠨ ᠴᠠᠭ᠄
2024/4/17
     ᠳᠠᠰᠢᠭᠤ ᠥᠭᠡᠬᠦᠨ ᠬᠦᠴᠢᠯ ᠠᠭᠤᠯᠤᠭᠰᠠᠨ ᠢᠳᠡᠭᠡᠨ ᠢ ᠭᠡᠳᠦ ᠠᠷᠪᠢᠨ ᠢᠳᠡᠪᠡᠯ ᠪᠡᠶ᠎ᠡ ᠶᠢᠨ ᠳᠣᠲᠣᠭᠠᠳᠤ ᠶᠢᠨ  ︽ᠮᠠᠭᠤ ᠰᠥᠰᠥᠨ ᠤ ᠭᠤᠨᠠᠨ ᠠᠯᠺᠤᠤᠯ︾   ᠤᠨ ᠲᠦᠪᠰᠢᠨ ᠢ ᠳᠡᠭᠡᠭᠰᠢᠯᠡᠬᠦᠯᠵᠦ᠂ ︽ᠰᠠᠶᠢᠨ ᠰᠥᠰᠥᠨ ᠤ ᠭᠤᠨᠠᠨ  ᠠᠯᠺᠤᠤᠯ︾ ᠤᠨ ᠲᠦᠪᠰᠢᠨ ᠢ ᠳᠣᠷᠣᠭᠰᠢᠯᠠᠭᠤᠯᠵᠤ᠂ ᠡᠭᠦᠨ ᠤ ᠤᠯᠠᠮ ᠠᠴᠠ ᠯᠤᠭᠰᠢᠭᠤᠨ ᠰᠤᠳᠠᠯ ᠤᠨ ᠥᠭᠡᠬᠦᠵᠢᠨ  ᠬᠠᠲᠠᠭᠤᠷᠠᠬᠤ᠂ ᠵᠢᠷᠦᠬᠡ ᠴᠢᠰᠤᠨ ᠰᠤᠳᠠᠯ ᠤᠨ ᠡᠪᠡᠳᠴᠢᠨ᠂ ᠵᠢᠷᠦᠬᠡᠨ ᠲᠢᠲᠢᠮ ᠤᠨ ᠡᠪᠡᠳᠴᠢᠨ᠂ ᠵᠢᠷᠦᠬᠡᠨ  ᠪᠤᠯᠴᠢᠩ ᠤᠨ ᠲᠦᠭᠵᠢᠷᠡᠯ ᠪᠠ ᠵᠢᠷᠦᠬᠡᠨ ᠴᠢᠨᠠᠷᠲᠠᠢ ᠭᠡᠨᠡᠳᠲᠡ ᠦᠬᠦᠬᠦ ᠠᠶᠤᠯ ᠢ ᠨᠡᠮᠡᠭᠳᠡᠭᠦᠯᠦᠨ᠎ᠡ᠃             ᠡᠶᠢᠮᠦ ᠠᠴᠠ ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠵᠢᠭᠠᠯᠲᠠ ︵2022  ︶︾ ᠳᠤ᠂ ᠡᠳᠦᠷ ᠪᠦᠷᠢ ᠶᠢᠨ ᠳᠠᠰᠢᠭᠤ ᠥᠭᠡᠬᠦᠨ ᠬᠦᠴᠢᠯ ᠤᠨ ᠬᠡᠮᠵᠢᠶ᠎ᠡ ᠨᠢ 2 ᠭᠷᠡᠮ ᠠᠴᠠ ᠬᠡᠲᠦᠷᠡᠵᠦ ᠪᠤᠯᠬᠤ   ᠦᠭᠡᠢ ᠭᠡᠵᠦ ᠰᠠᠨᠠᠭᠤᠯᠤᠭᠰᠠᠨ ᠪᠠᠶᠢᠨ᠎ᠠ᠃ ᠳᠠᠰᠢᠭᠤ ᠥᠭᠡᠬᠦᠨ ᠬᠦᠴᠢᠯ ᠠᠭᠤᠯᠤᠭᠰᠠᠨ ᠢᠳᠡᠭᠡᠨ ᠳᠤ ᠪᠢᠩᠭᠠᠨ᠂  ᠪᠤᠭᠤᠷᠰᠤᠬ᠂ ᠳᠤᠰᠤᠨ ᠳᠤ ᠪᠤᠴᠠᠯᠭᠠᠭᠰᠠᠨ ᠪᠣᠣᠪᠤ᠂ ᠬᠥᠭᠡᠯᠭᠡᠭᠰᠡᠨ ᠢᠳᠡᠭᠡᠨ᠂ ᠺᠤᠹᠤ ᠶᠢᠨ ᠬᠤᠯᠢᠮᠠᠭ᠂ ᠲᠦᠬᠦᠮ   ᠭᠤᠯᠢᠷ᠂ ᠲᠦᠷᠭᠡᠨ ᠬᠥᠯᠳᠡᠭᠡᠭᠰᠡᠨ ᠢᠳᠡᠭᠡᠨ᠂ ᠰᠢᠬᠢᠷᠯᠢᠭ ᠰᠦ ᠲᠠᠢ ᠴᠠᠢ ᠵᠡᠷᠭᠡ ᠪᠠᠭᠲᠠᠳᠠᠭ᠃             ᠳᠠᠰᠢᠭᠤ ᠥᠭᠡᠬᠦᠨ ᠬᠦᠴᠢᠯ ᠠᠭᠤᠯᠤᠭᠰᠠᠨ ᠢᠳᠡᠭᠡᠨ ᠠᠴᠠ ᠵᠠᠶᠢᠯᠠᠶ᠎ᠠ ᠭᠡᠪᠡᠯ᠂ ᠬᠤᠳᠠᠯᠳᠤᠨ ᠠᠪᠬᠤ ᠠᠴᠠ ᠪᠠᠨ  ᠡᠮᠦᠨ᠎ᠡ ᠪᠣᠭᠤᠳᠠᠯ ᠳᠡᠭᠡᠷᠡᠬᠢ ᠨᠠᠶᠢᠷᠠᠯᠭ᠎ᠠ ᠶᠢᠨ ᠬᠦᠰᠦᠨᠦᠭᠲᠦ ᠪᠣᠯᠣᠨ ᠰᠢᠮ᠎ᠡ ᠲᠡᠵᠢᠭᠡᠯ ᠤᠨ ᠪᠦᠷᠢᠯᠳᠦᠭᠦᠨ ᠤ   ᠬᠦᠰᠦᠨᠦᠭᠲᠦ ᠶᠢ ᠨᠠᠷᠢᠨ ᠬᠢᠨᠠᠮᠠᠭᠠᠢ ᠦᠵᠡᠭᠡᠷᠡᠢ᠃ ᠨᠠᠶᠢᠷᠠᠯᠭ᠎ᠠ ᠶᠢᠨ ᠬᠦᠰᠦᠨᠦᠭᠲᠦ ᠳᠤ ᠤᠷᠭᠤᠮᠠᠯ ᠤᠨ ᠥᠭᠡᠬᠦ᠂   ᠰᠦᠨ ᠤ ᠤᠬᠢ᠂ ᠬᠡᠦᠷᠰᠢᠭᠦᠯᠬᠦ ᠲᠣᠰᠣ᠂ ᠬᠢᠮᠡᠯ ᠵᠥᠭᠡᠬᠡᠢ᠂ ᠬᠢᠮᠡᠯ ᠰᠢᠷ᠎ᠠ ᠲᠣᠰᠣ᠂ ᠤᠰᠤᠳᠦ᠋ᠷᠦᠭᠴᠢᠵᠢᠭᠰᠡᠨ   ᠤᠷᠭᠤᠮᠠᠯ ᠤᠨ ᠲᠣᠰᠣ᠂ ᠨᠠᠷᠢᠯᠢᠭ ᠪᠣᠯᠪᠠᠰᠤᠷᠠᠭᠤᠯᠤᠭᠰᠠᠨ ᠬᠢᠯᠭᠠᠰᠤᠲᠤ ᠮᠣᠳᠣᠨ ᠤ ᠲᠣᠰᠣ᠂ ᠤᠷᠭᠤᠮᠠᠯ ᠤᠨ   ᠵᠥᠭᠡᠬᠡᠢ᠂ ᠬᠢᠮᠡᠯ ᠺᠢᠺᠡᠣ᠋ ᠥᠭᠡᠬᠦ᠂ ᠬᠢᠮᠡᠯ ᠬᠡᠦᠷᠰᠢᠭᠦᠯᠬᠦ ᠲᠣᠰᠣ ᠵᠡᠷᠭᠡ ᠪᠦᠷᠢᠯᠳᠦᠭᠦᠨ ᠪᠠᠶᠢᠪᠠᠯ ᠴᠥᠮ ᠳᠠᠰᠢᠭᠤ   ᠥᠭᠡᠬᠦᠨ ᠬᠦᠴᠢᠯ ᠠᠭᠤᠯᠵᠦ ᠮᠡᠳᠡᠨ᠎ᠠ᠃           ᠭᠡᠪᠡᠴᠦ ᠣᠳᠣᠬᠠᠨ ᠳᠤ ᠣᠯᠠᠩᠬᠢ ᠪᠦᠲᠦᠭᠡᠭᠳᠡᠬᠦᠨ ᠤ ᠰᠢᠮ᠎ᠡ ᠲᠡᠵᠢᠭᠡᠯ ᠤᠨ ᠪᠦᠷᠢᠯᠳᠦᠭᠦᠨ ᠤ ᠬᠦᠰᠦᠨᠦᠭᠲᠦ ᠳᠤ  ᠳᠠᠰᠢᠭᠤ ᠥᠭᠡᠬᠦᠨ ᠬᠦᠴᠢᠯ ᠤᠨ ᠠᠭᠤᠯᠤᠭᠳᠠᠴᠠ ᠶᠢ ᠴᠥᠮ ︽0︾ ᠭᠡᠵᠦ ᠬᠠᠳᠠᠵᠦ ᠪᠠᠶᠢᠨ᠎ᠠ᠂ ᠡᠨᠡ ᠨᠢ  ᠢᠳᠡᠭᠡᠨ ᠤ ᠳᠣᠲᠣᠷᠠᠬᠢ ᠳᠠᠰᠢᠭᠤ ᠥᠭᠡᠬᠦᠨ ᠬᠦᠴᠢᠯ ᠤᠨ ᠠᠭᠤᠯᠤᠭᠳᠠᠴᠠ ᠨᠢ 0.3% ᠠᠴᠠ ᠪᠠᠭ᠎ᠠ ᠪᠤᠯᠬᠤ  ᠦᠶ᠎ᠡ ᠳᠤ᠂ ᠪᠣᠭᠤᠳᠠᠯ ᠳᠡᠭᠡᠷ᠎ᠡ ᠨᠢ ︽0 ᠳᠠᠰᠢᠭᠤ ᠥᠭᠡᠬᠦᠨ ᠬᠦᠴᠢᠯ︾᠂ ︽ᠳᠡᠭ ᠳᠠᠰᠢᠭᠤ ᠥᠭᠡᠬᠦᠨ ᠬᠦᠴᠢᠯ︾᠂ ︽ᠳᠠᠰᠢᠭᠤ ᠥᠭᠡᠬᠦᠨ ᠬᠦᠴᠢᠯ ᠠᠭᠤᠯᠬᠤ ᠦᠭᠡᠢ︾ ᠭᠡᠰᠡᠨ ᠦᠰᠦᠭ ᠢ ᠬᠠᠳᠠᠵᠦ ᠪᠤᠯᠬᠤ ᠠᠴᠠ ᠪᠣᠯᠤᠭᠰᠠᠨ  ᠶᠤᠮ᠃ ᠡᠨᠡ ᠨᠢ ᠵᠦᠪᠭᠡᠨ ᠠᠭᠤᠯᠤᠭᠳᠠᠴᠠ ᠪᠠᠷ ᠳᠣᠣᠷ᠎ᠠ ᠪᠤᠶᠤ ᠪᠠᠶᠢᠬᠤ ᠦᠭᠡᠢ ᠶᠢ ᠯᠠ ᠲᠣᠳᠣᠷᠬᠠᠶᠢᠯᠠᠵᠤ  ᠪᠠᠶᠢᠬᠤ ᠠᠴᠠ ᠪᠢᠰᠢ᠂ ᠤᠬᠳᠦ ᠪᠠᠶᠢᠬᠤ ᠦᠭᠡᠢ ᠭᠡᠰᠡᠨ ᠪᠢᠰᠢ᠃ ᠬᠡᠷᠪᠡ ᠳᠠᠰᠢᠭᠤ ᠥᠭᠡᠬᠦᠨ ᠬᠦᠴᠢᠯ ᠢ  ᠴᠢᠳᠠᠬᠤ ᠶᠢᠨ ᠬᠢᠷᠢ ᠪᠠᠷ ᠪᠠᠭᠠᠰᠬᠠᠶ᠎ᠠ ᠭᠡᠪᠡᠯ ᠬᠠᠰᠢ ᠯᠠ ᠪᠠᠭ᠎ᠠ ᠢᠳᠡᠪᠡᠯ ᠳᠡᠭᠡᠷ᠎ᠡ ᠶᠤᠮ᠃             ᠡᠭᠦᠨ ᠠᠴᠠ ᠭᠠᠳᠠᠨ᠎ᠠ᠂ ᠤᠷᠭᠤᠮᠠᠯ ᠤᠨ ᠲᠣᠰᠣ ᠶᠢᠨ ᠳᠣᠲᠣᠷ᠎ᠠ ᠪᠠᠰᠠ ᠳᠠᠰᠢᠭᠤ ᠥᠭᠡᠬᠦᠨ ᠬᠦᠴᠢᠯ ᠠᠭᠤᠯᠵᠦ  ᠪᠠᠶᠢᠳᠠᠭ᠂ ᠣᠨᠴᠠᠭᠠᠶᠢᠯᠠᠨ ᠳᠠᠬᠢᠨ ᠳᠠᠪᠲᠠᠨ ᠥᠨᠳᠥᠷ ᠳᠤᠯᠠᠭᠠᠨ ᠢ ᠥᠩᠭᠡᠷᠡᠭᠡᠭᠰᠡᠨ ᠤ ᠳᠠᠷᠠᠭᠠᠬᠢ ᠤᠷᠭᠤᠮᠠᠯ ᠤᠨ   ᠳᠤᠰᠤᠨ ᠤ ᠳᠠᠰᠢᠭᠤ ᠥᠭᠡᠬᠦᠨ ᠬᠦᠴᠢᠯ ᠤᠨ ᠠᠭᠤᠯᠤᠭᠳᠠᠴᠠ ᠨᠢ ᠨᠠᠩ ᠥᠨᠳᠥᠷ ᠪᠠᠶᠢᠳᠠᠭ᠃ ᠡᠶᠢᠮᠦ ᠠᠴᠠ ᠡᠳᠦᠷ  ᠳᠤᠳᠤᠮ ᠤᠨ ᠬᠤᠭᠤᠯᠠ ᠪᠠᠵᠠᠭᠠᠬᠤ ᠳᠠᠭᠠᠨ ᠳᠤᠰᠤᠨ ᠤ ᠬᠡᠮᠵᠢᠶ᠎ᠡ ᠶᠢ 25 ~ 30 ᠭᠷᠡᠮ ᠢᠶᠠᠷ ᠬᠢᠵᠠᠭᠠᠷᠯᠠᠵᠤ᠂   ᠬᠠᠯᠠᠭᠤᠨ ᠳᠤᠰᠤᠨ ᠳᠤ ᠪᠤᠴᠠᠯᠭᠠᠬᠤ ᠶᠢ ᠪᠠᠭᠠᠰᠬᠠᠬᠤ ᠶᠢᠨ ᠬᠠᠮᠲᠤ ᠲᠣᠰᠣ ᠬᠠᠯᠠᠭᠤᠨ ᠤᠳᠤᠭ᠎ᠠ ᠭᠠᠷᠤᠭᠰᠠᠨ ᠤ  ᠳᠠᠷᠠᠭ᠎ᠠ ᠰᠠᠶ᠋ᠢ ᠡᠬᠢᠯᠡᠵᠦ ᠨᠣᠭᠤᠭ᠎ᠠ ᠬᠠᠭᠤᠷᠬᠤ ᠶᠢ ᠴᠡᠭᠡᠷᠯᠡᠪᠡᠯ ᠵᠣᠬᠢᠨ᠎ᠠ᠃          
 
ᠢᠷᠡᠯᠲᠡ᠄ ︵︽ᠠᠷᠠᠳ ᠤᠨ ᠰᠦᠯᠵᠢᠶ᠎ᠡ︾ ᠠᠴᠠ ᠰᠢᠯᠵᠢᠭᠦᠯᠪᠡ︶
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号