ᠨᠢᠭᠡ᠂ ᠲᠥᠷᠥᠯ ᠵᠦᠢᠯ ᠤᠨ ᠲᠣᠶᠢᠮᠣ | ︵ᠨᠢᠭᠡ︶ ᠪᠦᠲᠦᠭᠡᠨ ᠪᠠᠶᠢᠭᠤᠯᠬᠤ ᠭᠠᠵᠠᠷ᠄ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ | ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠣᠯ ᠭᠤᠣᠯ ᠪᠠᠯᠭᠠᠰᠤ ᠠᠴᠠ ᠵᠡᠭᠦᠨ᠊ ᠰᠢ 10 ᠺᠢᠯᠣᠮᠧᠲᠷ ᠵᠠᠶᠢᠲᠠᠢ | ᠭᠠᠵᠠᠷ᠃ | ︵ᠬᠤᠶᠠᠷ︶ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠬᠢᠭᠡᠳ ᠠᠭᠤᠯᠭ᠎ᠠ᠄ ᠪᠠᠷᠢᠯᠭ᠎ᠠ ᠶᠢᠨ ᠶᠡᠷᠦᠩᠬᠡᠢ | ᠲᠠᠯᠠᠪᠠᠢ ᠨᠢ 49008 ᠺᠤᠳ᠋ ᠮᠧᠲᠷ᠂ ᠡᠭᠦᠨ ᠳᠤ 6010 ᠺᠤᠳ᠋ ᠮᠧᠲᠷ ᠤᠨ ᠦᠬᠡᠷ ᠤᠨ ᠫᠧᠩ 4 ᠰᠠᠭᠤᠷᠢ᠂ | 5768 ᠺᠤᠳ᠋ ᠮᠧᠲᠷ ᠤᠨ ᠦᠬᠡᠷ ᠤᠨ ᠫᠸᠡᠩ 2 ᠰᠠᠭᠤᠷᠢ᠂ 960 ᠺᠤᠳ᠋ ᠮᠧᠲᠷ ᠤᠨ ᠬᠠᠮᠢᠶᠠᠷᠤᠯᠲᠠ ᠳᠤ ᠬᠡᠷᠡᠭᠯᠡᠬᠦ | ᠭᠡᠷ 2 ᠰᠠᠭᠤᠷᠢ᠂ 2760 ᠺᠤᠳ᠋ ᠮᠧᠲᠷ ᠤᠨ ᠡᠪᠡᠰᠦᠨ ᠰᠠᠷᠠᠪᠴᠢ 2 ᠰᠠᠭᠤᠷᠢ᠂ 72 ᠺᠤᠳ᠋ ᠮᠧᠲᠷ ᠤᠨ | ᠡᠭᠦᠳᠡᠨ ᠬᠠᠷᠠᠭᠤᠯ ᠤᠨ ᠭᠡᠷ 1 ᠰᠠᠭᠤᠷᠢ᠂ 672 ᠺᠤᠳ᠋ ᠮᠧᠲᠷ ᠮᠠᠰᠢᠨ ᠤ ᠬᠥᠮᠥᠷᠭᠡ 1 ᠰᠠᠭᠤᠷᠢ᠂ 672 ᠺᠤᠳ᠋ | ᠮᠧᠲᠷ ᠤᠨ ᠬᠥᠮᠥᠷᠭᠡ 1 ᠰᠠᠭᠤᠷᠢ᠂ 4032 ᠺᠤᠳ᠋ ᠮᠧᠲᠷ ᠤᠨ ᠨᠠᠷᠢᠯᠢᠭ ᠮᠠᠲ᠋ᠧᠷᠢᠶᠠᠯ ᠤᠨ ᠦᠢᠯᠡᠳᠪᠦᠷᠢ ᠶᠢᠨ ᠭᠡᠷ | 1 ᠰᠠᠭᠤᠷᠢ᠂ ᠭᠠᠵᠠᠷ ᠤᠨ ᠫᠦᠨᠲ 1 ᠰᠠᠭᠤᠷᠢ᠂ 50 ᠺᠦᠪ ᠮᠧᠲᠷ ᠤᠨ ᠠᠷᠢᠭᠤᠳᠬᠠᠬᠤ ᠴᠥᠭᠦᠷᠥᠮ 1 ᠰᠠᠭᠤᠷᠢ᠂ | ᠭᠠᠯ ᠤᠨᠲᠠᠷᠠᠭᠠᠬᠤ ᠤᠰᠤᠨ ᠴᠥᠭᠦᠷᠥᠮ ᠪᠠ ᠬᠥᠭᠡᠷᠭᠡ ᠶᠢᠨ ᠠᠰᠢᠭᠲᠤ ᠪᠠᠭᠲᠠᠭᠠᠮᠵᠢ 972 ᠺᠥᠪ ᠮᠧᠲᠷ ︵ | ᠭᠠᠵᠠᠷ ᠡᠵᠡᠯᠡᠬᠦ ᠲᠠᠯᠠᠪᠠᠢ ᠨᠢ 532 ᠺᠤᠳ᠋ ᠮᠧᠲᠷ᠂ ᠭᠠᠵᠠᠷ ᠳᠡᠭᠡᠷᠡᠬᠢ ᠨᠢᠭᠡᠳᠦᠭᠡᠷ ᠳᠠᠪᠬᠤᠷᠯᠢᠭ ᠤᠨ ᠲᠠᠯᠠᠪᠠᠢ 12 | ᠺᠤᠳ᠋ ᠮᠧᠲᠷ︶ ᠢ ᠪᠠᠭᠲᠠᠭᠠᠭᠰᠠᠨ ᠪᠥᠭᠡᠳ ᠤᠰᠤ᠂ ᠴᠠᠬᠢᠯᠭᠠᠨ᠂ ᠭᠠᠯ ᠤᠨᠲᠠᠷᠠᠭᠠᠬᠤ ᠬᠤᠭᠤᠯᠠᠢ ᠶᠢᠨ ᠲᠣᠣᠷ᠂ | ᠬᠠᠲᠠᠭᠤᠷᠠᠭᠤᠯᠬᠤ ᠵᠡᠷᠭᠡ ᠳᠠᠭᠠᠯᠲᠠ ᠲᠥᠬᠦᠭᠡᠷᠦᠮᠵᠢ ᠶᠢᠨ ᠪᠠᠷᠢᠯᠭ᠎ᠠ ᠶᠢ ᠢᠵᠢ ᠪᠦᠷᠢᠳᠦᠭᠦᠯᠦᠨ ᠪᠠᠶᠢᠭᠤᠯᠤᠨ᠎ᠠ᠃ | ︵ᠭᠤᠷᠪᠠ︶ ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ᠄ ᠰᠢᠨ᠎ᠡ ᠪᠠᠷ ᠪᠠᠶᠢᠭᠤᠯᠬᠤ | ︵ᠳᠥᠷᠪᠡ︶ ᠪᠦᠲᠦᠭᠡᠨ ᠪᠠᠶᠢᠭᠤᠯᠬᠤ ᠬᠤᠭᠤᠴᠠᠭ᠎ᠠ᠄ 2024 ᠣᠨ ᠤ 4 ᠰᠠᠷ᠎ᠠ ︱ 2026 ᠣᠨ ᠤ 10 | ᠰᠠᠷ᠎ᠠ᠃ | ︵ᠲᠠᠪᠤ︶ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠬᠢᠭᠡᠳ | ᠪᠡᠯᠡ ᠮᠥᠩᠭᠦ ᠴᠤᠭᠯᠠᠭᠤᠯᠬᠤ᠄ ᠲᠤᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢ ᠪᠠᠷᠤᠭᠯᠠᠨ | ᠪᠤᠳᠤᠭᠰᠠᠨ ᠨᠢ 9842.63 ᠲᠦᠮᠡᠨ ᠲᠥᠭᠦᠷᠢᠭ᠂ ᠡᠭᠦᠨ ᠲᠤ᠄ ᠪᠠᠷᠢᠯᠭ᠎ᠠ ᠶᠢᠨ ᠵᠠᠷᠤᠳᠠᠯ ᠤᠨ ᠪᠡᠯᠡ | ᠣᠷᠣᠭᠤᠯᠤᠯᠲᠠ ᠶᠢ ᠪᠠᠷᠤᠭᠯᠠᠨ ᠪᠤᠳᠤᠭᠰᠠᠨ ᠨᠢ 8495.28 ᠲᠦᠮᠡᠨ ᠲᠥᠭᠦᠷᠢᠭ᠂ ᠪᠤᠰᠤᠳ ᠵᠠᠷᠤᠳᠠᠯ ᠤᠨ ᠪᠡᠯᠡ | ᠣᠷᠣᠭᠤᠯᠤᠯᠲᠠ ᠶᠢ ᠪᠠᠷᠤᠭᠯᠠᠨ ᠪᠤᠳᠤᠭᠰᠠᠨ ᠨᠢ 667.73 ᠲᠦᠮᠡᠨ ᠲᠥᠭᠦᠷᠢᠭ᠂ ᠦᠨᠳᠦᠰᠦᠨ ᠪᠡᠯᠡᠳᠬᠡᠯ ᠵᠠᠷᠤᠳᠠᠯ | 679.62 ᠲᠦᠮᠡᠨ ᠲᠥᠭᠦᠷᠢᠭ᠂ ᠪᠡᠯᠡ ᠮᠥᠩᠭᠦ ᠶᠢᠨ ᠢᠷᠡᠯᠲᠡ ᠨᠢ᠄ ᠪᠥᠬᠦᠨ ᠢ ᠣᠷᠣᠨ ᠨᠤᠲᠤᠭ ᠤᠨ ᠡᠳ᠋ ᠤᠨ | ᠵᠠᠰᠠᠭ ᠠᠴᠠ ᠰᠢᠢᠳᠪᠦᠷᠢᠯᠡᠨ᠎ᠡ᠃ | ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠬᠦᠷᠢᠶ᠎ᠡ ᠬᠡᠪᠴᠢᠶ᠎ᠡ ᠵᠢᠴᠢ ᠭᠤᠣᠯ ᠪᠣᠯᠬᠤ ᠵᠦᠢᠯ ᠤᠳ | ᠵᠠᠷᠯᠠᠨ ᠨᠡᠶᠢᠲᠡᠯᠡᠬᠦ ᠡᠲᠡᠭᠡᠳ ᠨᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠵᠢᠴᠢ ᠡᠷᠬᠢᠨ | ᠲᠣᠭᠤᠷᠢᠨ ᠤ ᠨᠥᠯᠥᠭᠡᠯᠡᠭᠳᠡᠭᠰᠡᠨ ᠮᠠᠯᠴᠢᠨ ᠲᠠᠷᠢᠶᠠᠴᠢᠨ ᠪᠣᠯᠣᠨ᠎ᠠ᠃ ᠭᠤᠣᠯᠳᠠᠭᠤ ᠣᠯᠠᠨ ᠨᠡᠶᠢᠲᠡ ᠶᠢᠨ ᠲᠣᠰ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠲᠠᠬᠢ ᠣᠪᠣᠷ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠤᠭᠤᠴᠠᠭ᠎ᠠ ᠵᠢᠴᠢ ᠪᠠᠶᠢᠭᠤᠯᠤᠭᠳᠠᠭᠰᠠᠨ ᠤ ᠳᠠᠷᠠᠭᠠᠬᠢ ᠭᠤᠣᠯ ᠪᠣᠯᠬᠤ ᠨᠡᠶᠢᠭᠡᠮ ᠤᠨ | ᠲᠣᠭᠲᠠᠭᠤᠨ ᠪᠠᠶᠢᠳᠠᠯ ᠤᠨ ᠠᠰᠠᠭᠤᠳᠠᠯ᠂ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠠᠪᠤᠭᠰᠠᠨ ᠨᠡᠶᠢᠭᠡᠮ ᠤᠨ | ᠲᠣᠭᠲᠠᠭᠤᠨ ᠪᠠᠶᠢᠳᠠᠯ ᠤᠨ ᠠᠷᠭ᠎ᠠ ᠬᠡᠮᠵᠢᠶ᠎ᠡ ᠵᠡᠷᠭᠡ ᠰᠠᠨᠠᠯ᠂ ᠰᠠᠨᠠᠭᠤᠯᠭ᠎ᠠ ᠵᠢᠴᠢ ᠪᠤᠰᠤᠳ ᠬᠠᠮᠢᠶ᠎ᠠ ᠪᠦᠬᠦᠢ | ᠱᠠᠭᠠᠷᠳᠠᠯᠭ᠎ᠠ ᠶᠢ ᠬᠤᠷᠢᠶᠠᠨ᠎ᠠ᠃ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠣᠯᠠᠨ ᠳᠦᠮᠡᠨ ᠡᠯᠧᠺᠲᠷᠣᠨ ᠰᠢᠤᠳᠠᠨ ᠤ | ᠵᠦᠢᠯ᠂ ᠳ᠋ᠢᠶᠠᠩᠬᠤᠸᠠ᠂ ᠹᠠᠺᠰ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠨᠢᠭᠡᠴᠡ ᠵᠢᠴᠢ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ ᠲᠠᠢ ᠬᠠᠷᠢᠯᠴᠠᠵᠤ᠂ ᠲᠣᠰ ᠲᠥᠷᠥᠯ | ᠵᠦᠢᠯ ᠳᠤ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠵᠠᠳᠠᠯᠬᠤ ᠠᠵᠢᠯ ᠤᠨ ᠰᠠᠨᠠᠯ ᠪᠠ ᠰᠠᠨᠠᠭᠤᠯᠭ᠎ᠠ ᠪᠠᠨ | ᠢᠯᠡᠳᠬᠡᠵᠦ ᠪᠣᠯᠣᠨ᠎ᠠ᠃ ᠲᠣᠰ ᠤᠳᠠᠭᠠᠨ ᠤ ᠰᠠᠨᠠᠯ ᠬᠤᠷᠢᠶᠠᠬᠤ ᠴᠠᠭ ᠨᠢ ᠵᠠᠷᠯᠠᠨ ᠨᠡᠶᠢᠲᠡᠯᠡᠭᠰᠡᠨ ᠡᠳᠦᠷ ᠠᠴᠠ | ᠡᠬᠢᠯᠡᠨ 15 ᠡᠳᠦᠷ ᠤᠨ ᠳᠣᠲᠣᠷ᠎ᠠ ᠪᠣᠯᠣᠨ᠎ᠠ᠃ | ᠭᠤᠷᠪᠠ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ | ᠬᠠᠷᠢᠯᠴᠠᠬᠤ ᠬᠥᠮᠥᠨ᠄ ᠭᠧᠩ ᠬᠤᠤ | ᠬᠠᠷᠢᠯᠴᠠᠬᠤ ᠤᠲᠠᠰᠤ᠄ 15547924369 | ᠪᠦᠲᠦᠭᠡᠨ ᠪᠠᠶᠢᠭᠤᠯᠤᠯᠲᠠ ᠶᠢᠨ ᠨᠢᠭᠡᠴᠡ᠄ ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠪᠠ ᠰᠢᠨᠵᠢᠯᠡᠬᠦ ᠤᠬᠠᠭᠠᠨᠲ᠋ᠧᠭᠨᠢᠭ ᠮᠡᠷᠭᠡᠵᠢᠯ ᠤᠨ ᠲᠣᠪᠴᠢᠶ᠎ᠠ | | |