ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ 84  ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/17
       3 ᠰᠠᠷ᠎ᠠ ᠶᠢᠨ 27 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠮᠦᠩᠭᠦᠨᠱᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ 84 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠲᠥᠰᠥᠯ︾ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠶ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠤᠯᠠᠮᠵᠢᠯᠠᠨ ᠰᠤᠷᠤᠯᠴᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠵᠠᠩ ᠪᠠᠢ ᠴᠧᠩ ᠱᠦᠵᠢ ᠶᠢᠨ ᠡᠮᠦᠨᠡᠲᠦ ᠬᠡᠰᠡᠭ ᠤᠨ ᠬᠤᠰᠢᠭᠤ ᠰᠢᠶᠠᠨ ᠤ ᠡᠯᠡᠰᠦᠷᠬᠡᠭ ᠭᠠᠵᠠᠷ ᠢ ᠵᠠᠰᠠᠬᠤ ᠵᠢᠴᠢ ︽ᠵᠢᠷᠭᠤᠭᠠᠨ ᠢᠨᠵᠧᠨᠧᠷᠢᠩ︾ ᠢ ᠲᠦᠯᠬᠢᠨ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号