ᠬᠤᠰᠢᠭᠤ ᠨᠠᠮ ᠤᠨ ᠬᠤᠷᠢᠶᠠᠨ ᠤ ᠱᠦᠵᠢ ᠮᠦᠩᠭᠦᠨᠱᠠ ᠠᠵᠤ ᠠᠬᠤᠶᠢᠯᠠᠯ ᠳᠤ ᠭᠦᠨᠵᠡᠭᠡᠶᠢᠷᠡᠨ ᠠᠵᠢᠯ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2024/4/17
        3 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠮᠦᠩᠭᠦᠨᠱᠠ ᠪᠠᠶᠠᠨᠬᠤᠸᠠ  ᠶᠢᠨ ᠱᠠᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠢᠩᠭᠠᠨ ᠤ ᠵᠡᠰ ᠴᠠᠶᠢᠷ ᠬᠠᠶᠢᠯᠤᠭᠤᠯᠬᠤ ᠬᠢᠵᠠᠭᠠᠷᠲᠤ ᠺᠣᠮᠫᠠᠨᠢ᠂ ᠰᠦ ᠨᠧᠩ ᠪᠠᠶᠠᠨᠬᠤᠸᠠ 2×660MW ᠴᠠᠬᠢᠯᠭᠠᠨ ᠦᠢᠯᠡᠳᠪᠦᠷᠢ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠶ᠂ ᠪᠠᠶᠠᠨᠬᠤᠸᠠ 500KV ᠴᠠᠬᠢᠯᠭᠠᠨ ᠬᠤᠪᠢᠰᠬᠠᠬᠤ ᠥᠷᠲᠡᠭᠡ ᠶᠢᠨ ᠢᠨᠵᠧᠨᠧᠷᠢᠩ ᠤᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠶ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠭᠦᠯᠦᠨ ᠠᠵᠢᠯ ᠰᠡᠷᠭᠦᠭᠡᠬᠦ ᠶᠢ ᠪᠠᠶᠢᠴᠠᠭᠠᠨ ᠵᠢᠯᠣᠭᠤᠳᠪᠠ᠃ ᠭᠤᠣᠯᠳᠠᠯᠭ᠎ᠠ ᠲᠠᠢ ᠲᠦᠷᠦᠯ ᠵᠦᠢᠯ ᠢ ᠠᠭᠤᠷ ᠠᠮᠢᠰᠬᠤᠯ ᠤᠨ ᠨᠥᠬᠦᠴᠡᠯ ᠢ ᠦᠨᠳᠦᠰᠦᠯᠡᠨ ᠲᠦᠷᠭᠡᠨ ᠪᠥᠭᠡᠳ ᠡᠮᠬᠢ ᠵᠢᠷᠤᠮ ᠲᠠᠢ ᠠᠬᠢᠭᠤᠯᠵᠤ᠂ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠷᠢᠯᠭ᠎ᠠ ᠶᠢᠨ ᠠᠵᠢᠯ ᠤᠨ ᠨᠢᠭᠡᠴᠡ ᠲᠠᠢ ᠬᠠᠮᠲᠤᠷᠠᠨ ᠪᠠᠷᠢᠯᠭ᠎ᠠ ᠶᠢᠨ ᠠᠬᠢᠴᠠ ᠪᠣᠯᠣᠨ ᠪᠠᠷᠢᠯᠭ᠎ᠠ ᠶᠢᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭᠠᠨ ᠤ ᠬᠠᠮᠢᠶᠠᠷᠤᠨ ᠡᠵᠡᠮᠳᠡᠬᠦ ᠠᠵᠢᠯ ᠢ ᠡᠷᠡᠰ ᠰᠠᠶᠢᠲᠤᠷ ᠬᠢᠬᠦ ᠶᠢᠨ   ᠬᠠᠮᠲᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠨᠢ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠢᠯᠠᠨ ᠳᠠᠪᠠᠵᠤ᠂ ᠠᠰᠠᠭᠤᠳᠠᠯ ᠢ ᠰᠢᠢᠳᠪᠦᠷᠢᠯᠡᠵᠦ᠂ ᠲᠦᠷᠦᠯ ᠵᠦᠢᠯ ᠤᠨ ᠬᠡᠷᠡᠭᠵᠢᠭᠦᠯᠦᠯᠲᠡ ᠳᠤ ᠪᠦᠬᠦ ᠬᠦᠴᠦᠨ ᠢᠶᠠᠷ ᠢᠶᠠᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号