ᠪᠠᠷᠠᠭᠤᠨ ᠦᠵᠦᠮᠦᠴᠢᠨ ᠬᠤᠰᠢᠭᠤ ᠮᠢᠬᠠᠨ ᠤ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/4/17
     3 ᠰᠠᠷ᠎ᠠ ᠶᠢᠨ 30 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠮᠢᠬᠠᠨ ᠤ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠶᠠᠷᠢᠯᠴᠠᠬᠤ ᠬᠤᠷᠠᠯ ᠬᠢᠪᠡ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠢ ᠱᠠᠨ ᠬᠤᠷᠠᠯ ᠡᠷᠭᠢᠯᠡᠵᠦ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠠ ᠨᠠᠨ ᠬᠤᠷᠠᠯ ᠳᠤ ᠣᠷᠣᠯᠴᠠᠵᠠᠢ᠃ ᠠᠶᠢᠮᠠᠭ ᠤᠨ ᠮᠠᠯ ᠠᠵᠤ ᠠᠬᠤᠢ ᠶᠢᠨ ᠠᠵᠢᠯ ᠤᠨ ᠥᠷᠲᠡᠭᠡᠨ ᠤ ᠲᠤᠰᠬᠠᠢ ᠮᠡᠷᠭᠡᠵᠢᠯᠲᠡᠨ  ᠡᠩᠬᠡᠮᠡᠨᠳᠦ ᠠᠴᠠ ᠠᠵᠤ ᠠᠬᠤᠶᠢᠯᠠᠯ + ᠭᠠᠴᠠᠭᠠᠨ ᠤ ᠬᠠᠮᠲᠤ ᠶᠢᠨ ᠠᠵᠤ ᠠᠬᠤᠢ + ᠮᠠᠯᠴᠢᠨ ᠡᠷᠦᠬᠡ ᠶᠢᠨ ᠠᠰᠢᠭ ᠲᠤᠰᠠ ᠶᠢᠨ ᠬᠤᠯᠪᠣᠭ᠎ᠠ ᠶᠢᠨ ᠵᠠᠭᠪᠤᠷ ᠢ ᠲᠠᠶᠢᠯᠪᠤᠷᠢᠯᠠᠪᠠ᠃ ᠬᠤᠷᠠᠯ ᠳᠤ ᠣᠷᠣᠯᠴᠠᠭᠰᠠᠳ ᠲᠤᠰ ᠲᠤᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠪᠣᠷᠳᠣᠵᠤ ᠲᠠᠷᠭᠤᠯᠠᠭᠤᠯᠬᠤ᠂ ᠮᠠᠯ ᠤᠨ ᠡᠭᠦᠯᠳᠡᠷ ᠢ ᠰᠠᠶᠢᠵᠢᠷᠠᠭᠤᠯᠬᠤ᠂ ᠮᠠᠯ ᠤᠨ ᠠᠷᠠᠯᠵᠢᠶ᠎ᠠ᠂ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ᠂ ᠪᠡᠯᠴᠢᠭᠡᠷᠯᠡᠭᠦᠯᠬᠦ ᠶᠢ ᠵᠣᠭᠰᠤᠭᠠᠬᠤ ᠵᠡᠷᠭᠡ ᠲᠠᠯ᠎ᠠ ᠪᠠᠷ ᠨᠢᠭᠡᠳ ᠨᠢᠭᠡ ᠪᠠᠷ ᠶᠠᠷᠢᠶ᠎ᠠ ᠲᠠᠯᠪᠢᠵᠤ᠂ ᠥᠪᠡᠷ ᠥᠪᠡᠷ ᠤᠨ ᠰᠠᠨᠠᠯ ᠢᠶᠠᠨ ᠶᠠᠷᠢᠪᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号