ᠪᠠᠷᠠᠭᠤᠨ ᠦᠵᠦᠮᠦᠴᠢᠨ ᠬᠤᠰᠢᠭᠤ ︽4 · 15︾ ᠶᠢᠰᠦᠳᠦᠭᠡᠷ ᠤᠳᠠᠭᠠᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠬᠥᠳᠡᠯᠭᠡᠭᠡᠨ ᠤ ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/4/18
     4 ᠰᠠᠷ᠎ᠠ ᠶᠢᠨ 15᠎ ᠤ ᠡᠳᠦᠷ᠂ ᠪᠠᠷᠠᠭᠤᠨ ᠦᠵᠦᠮᠦᠴᠢᠨ ᠬᠤᠰᠢᠭᠤ ︽4 · 15︾ ᠶᠢᠰᠦᠳᠦᠭᠡᠷ ᠤᠳᠠᠭᠠᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠬᠥᠳᠡᠯᠭᠡᠭᠡᠨ ᠤ ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠡᠷᠬᠢᠯᠡᠭᠴᠢ ᠮᠥᠩᠭᠦᠨᠱᠠ ᠡᠬᠢᠯᠡᠯᠲᠡ ᠶᠢᠨ ᠶᠣᠰᠣᠯᠠᠯ ᠎ ᠳᠤ ᠣᠷᠣᠯᠴᠠᠵᠤ ᠶᠠᠷᠢᠶ᠎ᠠ ᠲᠠᠯᠪᠢᠵᠠᠢ᠃
          ᠮᠥᠩᠭᠦᠨᠱᠠ ᠵᠢᠭᠠᠬᠤ ᠳᠠᠭᠠᠨ᠂ ᠤᠯᠤᠰ ᠤᠨ ᠠᠮᠤᠷ ᠲᠦᠪᠰᠢᠨ ᠨᠢ ᠬᠥᠮᠥᠨ ᠪᠦᠬᠦᠨ ᠲᠠᠢ ᠨᠢᠭᠲᠠ ᠬᠤᠯᠪᠣᠭ᠎ᠠ ᠲᠠᠢ᠃ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠤᠯᠤᠰ ᠤᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭ᠎ᠠ ᠬᠥᠨᠳᠥ ᠪᠠᠶᠢᠭ᠎ᠠ ᠶᠤᠮ ᠭᠡᠵᠡᠢ᠃      ᠮᠥᠩᠭᠦᠨᠱᠠ ᠴᠢᠬᠤᠯᠠᠴᠢᠯᠠᠬᠤ ᠳᠠᠭᠠᠨ᠂ ᠣᠶᠢᠷ᠎ᠠ ᠶᠢᠨ ᠵᠢᠯ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠯᠤᠰ ᠤᠨ ᠶᠡᠷᠦᠩᠬᠡᠶᠢᠯᠡᠭᠰᠡᠨ ᠠᠮᠤᠷ ᠲᠦᠪᠰᠢᠨ ᠤ ᠦᠵᠡᠯᠲᠡ ᠶᠢ ᠨᠠᠷᠢᠨ ᠬᠢᠨᠠᠮᠠᠭᠠᠢ ᠲᠤᠤᠱᠯᠠᠭᠤᠯᠵᠤ᠂ ︽ᠨᠠᠮ ᠤᠨ ᠬᠤᠷᠢᠶ᠎ᠠ ᠵᠠᠰᠠᠭ ᠤᠨ ᠣᠷᠳᠣᠨ ᠪᠣᠳᠠᠲᠠᠢ ᠬᠠᠮᠢᠶᠠᠷᠴᠤ᠂ ᠲᠤᠰᠬᠠᠢ ᠪᠠᠶᠢᠭᠤᠯᠭ᠎ᠠ ᠴᠢᠩᠭ᠎ᠠ  ᠠᠳᠬᠤᠨ᠂ ᠪᠦᠷᠢᠯᠳᠦᠭᠦᠨ ᠪᠠᠶᠢᠭᠤᠯᠭ᠎ᠠ ᠬᠠᠮᠲᠤᠪᠠᠷ ᠠᠳᠬᠤᠨ ᠬᠠᠮᠲᠤ ᠪᠠᠷ ᠬᠠᠮᠢᠶᠠᠷᠴᠤ᠂ ᠠᠷᠠᠳ ᠣᠯᠠᠨ ᠢᠶᠠᠷ ᠢᠶᠠᠨ ᠬᠠᠮᠲᠤᠪᠠᠷ ᠰᠡᠷᠭᠡᠶᠢᠯᠡᠭᠰᠡᠨ︾ ᠠᠵᠢᠯ ᠤᠨ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠵᠦ᠂ ᠪᠥᠬᠦ ᠬᠤᠰᠢᠭᠤᠨ ᠤ ᠶᠡᠭᠡ ᠲᠠᠯ᠎ᠠ ᠎ ᠶᠢᠨ ᠡᠶ᠎ᠡ ᠵᠣᠬᠢᠴᠠᠩᠭᠤᠢ ᠲᠣᠭᠲᠠᠭᠤᠨ ᠢ ᠬᠦᠴᠦᠲᠡᠢ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
     ᠪᠥᠬᠦ ᠬᠤᠰᠢᠭᠤ ᠪᠠᠷ ᠢᠶᠠᠨ ᠤᠯᠤᠰ ᠤᠨ ᠶᠡᠷᠦᠩᠬᠡᠶᠢᠯᠡᠭᠰᠡᠨ ᠠᠮᠤᠷ ᠲᠦᠪᠰᠢᠨ ᠤ ᠦᠵᠡᠯᠲᠡ ᠶᠢ ᠪᠠᠲᠤᠳᠬᠠᠵᠤ᠂ ᠳᠣᠲᠣᠭᠠᠳᠤ ᠳᠠᠬᠢ ᠠᠮᠤᠷ ᠲᠦᠪᠰᠢᠨ ᠪᠠ ᠭᠠᠳᠠᠭᠠᠳᠤ ᠠᠮᠤᠷ ᠲᠦᠪᠰᠢᠨ᠂ ᠤᠯᠤᠰ ᠤᠨ ᠨᠤᠲᠤᠭ ᠳᠡᠪᠢᠰᠬᠡᠷ ᠤᠨ ᠠᠮᠤᠷ ᠲᠦᠪᠰᠢᠨ ᠪᠠ ᠤᠯᠤᠰ ᠠᠷᠠᠳ ᠤᠨ ᠠᠮᠤᠷ ᠲᠦᠪᠰᠢᠨ᠂ ᠲᠣᠰ ᠪᠡᠶ᠎ᠡ ᠶᠢᠨ ᠠᠮᠤᠷ ᠲᠦᠪᠰᠢᠨ ᠪᠠ ᠬᠠᠮᠲᠤ ᠶᠢᠨ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠡᠷᠡᠭᠴᠡᠭᠡ ᠳᠤ ᠨᠠᠩ ᠰᠠᠶᠢᠲᠤᠷ ᠵᠣᠬᠢᠴᠠᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ︽ᠬᠤᠰᠢᠭᠤᠴᠢ︾ ᠪᠣᠯᠬᠤ ᠪᠠᠷ ᠴᠢᠷᠮᠠᠶᠢᠨ᠂ ᠨᠠᠩ ᠥᠨᠳᠥᠷ ᠬᠢᠷᠢ ᠲᠦᠪᠰᠢᠨ ᠪᠦᠬᠦᠢ ᠠᠮᠤᠷ ᠠᠮᠤᠭᠤᠯᠠᠩ ᠪᠠᠷᠠᠭᠤᠨ ᠦᠵᠦᠮᠦᠴᠢᠨ ᠢ ᠬᠦᠴᠦᠯᠡᠨ ᠪᠦᠲᠦᠭᠡᠨ ᠪᠠᠶᠢᠭᠤᠯᠬᠤ ᠬᠡᠷᠡᠭᠲᠡᠢ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠤᠳᠤᠷᠢᠳᠤᠯᠭ᠎ᠠ ᠶᠢ ᠤᠯᠤᠰ ᠤᠨ ᠠᠮᠤᠷ ᠲᠦᠪᠰᠢᠨ ᠤ ᠠᠵᠢᠯ ᠤᠨ ᠪᠥᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠤᠨ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠰᠢᠨ᠎ᠡ ᠪᠠᠷ ᠥᠷᠨᠢᠭᠦᠯᠵᠦ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠬᠦᠴᠦᠯᠡᠨ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢᠨ ᠦᠨᠡᠨᠴᠢ ᠰᠢᠳᠤᠷᠭᠤ ︽ᠦᠢᠯᠡᠳᠦᠯᠭᠡᠵᠢᠭᠦᠯᠦᠭᠴᠢ︾ ᠪᠣᠯᠬᠤ ᠪᠠᠷ ᠴᠢᠷᠮᠠᠶᠢᠨ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠨᠡᠶᠢᠭᠡᠮ ᠤᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠤ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ  ᠶᠣᠰᠣᠨ ᠤ ᠡᠭᠦᠷᠭᠡ ᠪᠠᠨ ᠬᠢᠨᠠᠮᠠᠭᠠᠢ ᠭᠦᠢᠴᠡᠳᠬᠡᠨ᠂ ᠤᠯᠤᠰ ᠤᠨ ᠠᠮᠤᠷ ᠲᠦᠪᠰᠢᠨ ᠤ ᠡᠷᠡᠰ ᠪᠠᠲᠤ ︽ᠬᠠᠮᠠᠭᠠᠯᠠᠭᠴᠢ︾ ᠪᠣᠯᠬᠤ ᠪᠠᠷ ᠴᠢᠷᠮᠠᠶᠢᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ︽ᠪᠣᠯᠣᠳ  ᠬᠡᠷᠡᠮ︾᠎ ᠢ ᠬᠠᠮᠲᠤ ᠪᠠᠷ ᠪᠠᠲᠤ ᠴᠣᠭᠴᠠᠯᠠᠬᠤ ᠬᠡᠷᠡᠭᠲᠡᠢ ᠭᠡᠵᠠᠢ᠃
        ᠳᠠᠷᠠᠭ᠎ᠠ ᠨᠢ᠂ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠦᠬᠦ ᠬᠥᠮᠥᠰ ᠤᠯᠤᠰ ᠤᠨ ᠠᠮᠤᠷ ᠲᠦᠪᠰᠢᠨ ᠎ ᠤ ᠭᠤᠣᠯ ᠰᠡᠳᠦᠪᠲᠦ ᠬᠥᠮᠦᠵᠢᠯ ᠤᠨ ᠦᠵᠡᠭᠦᠯᠦᠯᠭᠡ ᠶᠢᠨ ᠰᠠᠮᠪᠠᠷ᠎ᠠ ᠶᠢ  ᠰᠣᠨᠢᠷᠬᠠᠪᠠ᠃ ᠡᠬᠢᠯᠡᠯᠲᠡ ᠶᠢᠨ ᠶᠣᠰᠣᠯᠠᠯ ᠎ ᠨᠢ ︽ᠤᠯᠤᠰ ᠤᠨ ᠶᠡᠷᠦᠩᠬᠡᠶᠢᠯᠡᠭᠰᠡᠨ ᠠᠮᠤᠷ ᠲᠦᠪᠰᠢᠨ ᠤ ᠦᠵᠡᠯᠲᠡ · ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠤᠭᠰᠠᠨ 10 ᠵᠢᠯ ᠤᠨ ᠣᠶ︾ ᠭᠡᠬᠦ ᠭᠤᠣᠯ ᠰᠡᠳᠦᠪ ᠤᠨ ᠲᠣᠭᠤᠷᠢᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠯᠢᠭ ᠠᠭᠤᠯᠭ᠎ᠠ ᠬᠡᠯᠪᠡᠷᠢ ᠪᠦᠬᠦᠢ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠬᠦ ᠬᠥᠰᠢᠭᠡ ᠶᠢ ᠰᠡᠬᠦᠭᠰᠡᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号