ᠪᠠᠷᠠᠭᠤᠨ ᠦᠵᠦᠮᠦᠴᠢᠨ ᠬᠤᠰᠢᠭᠤᠨ ᠤ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠦᠷᠢᠳᠬᠡᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/4/18
      ᠬᠤᠰᠢᠭᠤ ᠰᠢᠶᠠᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2023 ᠣᠨ ᠳᠤ ᠮᠠᠨ ᠤ ᠬᠤᠰᠢᠭᠤᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 2170187 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 6.2% ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 224855 ᠲᠦᠮᠡᠨ ᠲᠥᠭᠦᠷᠢᠭ ᠲᠤ ᠬᠦᠷᠴᠦ᠂ 5.7%᠎ ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 1665069 ᠲᠦᠮᠡᠨ ᠲᠥᠭᠦᠷᠢᠭ ᠲᠤ ᠬᠦᠷᠴᠦ᠂ 6.0%᠎ ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 280263 ᠲᠦᠮᠡᠨ ᠲᠥᠭᠦᠷᠢᠭ ᠲᠤ ᠬᠦᠷᠴᠦ᠂ 7.7%᠎ ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠬᠠᠷᠢᠴᠠᠯ ᠨᠢ 10.4᠄ 76.7᠄   12.9 ᠪᠣᠯᠣᠨ᠎ᠠ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠦᠢᠯᠡᠳᠪᠦᠷᠢᠯᠡᠯ ᠤᠨ ᠪᠥᠬᠦ ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠣᠰ ᠲᠣᠰ 11.5%᠂ 67.7% ᠪᠠ 20.8% ᠪᠣᠯᠣᠨ᠎ᠠ᠃ ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠦᠢᠯᠡᠳᠪᠦᠷᠢᠯᠡᠯ ᠤᠨ ᠪᠦᠬᠦ ᠦᠷᠲᠡᠭ 213181 ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 5.9%᠎ ᠪᠠᠷ ᠨᠡᠮᠡᠭᠳᠡᠪᠡ᠃ ᠵᠢᠯ ᠤᠨ ᠡᠴᠦᠰ ᠲᠤ ᠪᠥᠬᠦ ᠬᠤᠰᠢᠭᠤᠨ ᠤ ᠪᠠᠶᠢᠩᠭᠤ ᠰᠠᠭᠤᠭ᠎ᠠ ᠬᠥᠮᠥᠨ ᠠᠮᠠ 10.17 ᠲᠦᠮᠡ ᠳᠤ ᠬᠦᠷᠴᠦ᠂ ᠳᠡᠭᠡᠷ᠎ᠡ ᠵᠢᠯ ᠤᠨ ᠬᠢ ᠠᠴᠠ 0.02 ᠲᠦᠮᠡ ᠪᠠᠭᠠᠰᠪᠠ᠃ ᠡᠭᠦᠨ ᠤ ᠳᠣᠲᠣᠷ᠎ᠠ ᠬᠤᠲᠠ ᠪᠠᠯᠭᠠᠰᠤᠨ ᠤ ᠬᠥᠮᠥᠨ ᠠᠮᠠ 6.57 ᠲᠦᠮᠡ᠂ ᠬᠥᠳᠡᠭᠡ ᠲᠣᠰᠬᠤᠨ ᠤ ᠬᠥᠮᠥᠨ ᠠᠮᠠ 3.60 ᠲᠦᠮᠡ ᠪᠠᠶᠢᠨ᠎ᠠ  ᠃ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ 64.60%᠎ ᠳᠤ  ᠬᠦᠷᠴᠦ᠂ ᠲᠦᠷᠦᠭᠦᠦ ᠵᠢᠯ ᠤᠨ ᠬᠢ ᠠᠴᠠ 0.42 ᠵᠠᠭᠤᠨ ᠤ ᠨᠢᠭᠡᠴᠢ ᠪᠠᠷ ᠳᠡᠭᠡᠭᠰᠢᠯᠡᠪᠡ᠃ ᠡᠷᠡᠭᠲᠡᠢ ᠬᠥᠮᠥᠨ ᠠᠮᠠ 5.27 ᠲᠦᠮᠡ᠂ ᠡᠮᠡᠭᠲᠡᠢ ᠬᠥᠮᠥᠨ ᠠᠮᠠ 4.90 ᠲᠦᠮᠡ ᠪᠠᠶᠢᠨ᠎ᠠ᠃ ᠪᠥᠬᠦ ᠵᠢᠯ ᠳᠤ ᠲᠥᠷᠥᠭᠰᠡᠨ ᠬᠥᠮᠥᠨ ᠠᠮᠠ 0.048 ᠲᠦᠮᠡ ᠪᠠᠶᠢᠵᠤ᠂ ᠲᠥᠷᠥᠭᠰᠡᠨ ᠨᠣᠷᠮ᠎ᠠ ᠨᠢ 4.72‰ ᠪᠣᠯᠣᠨ᠎ᠠ᠃ ᠦᠬᠦᠭᠰᠡᠨ ᠬᠥᠮᠥᠨ ᠠᠮᠠ 0.074 ᠲᠦᠮᠡ ᠳᠤ ᠬᠦᠷᠴᠦ᠂ ᠦᠬᠦᠭᠰᠡᠨ ᠨᠤᠷᠮ᠎ᠠ ᠨᠢ 7.28‰᠎ ᠳᠤ ᠬᠦᠷᠴᠡᠢ᠃ ᠬᠥᠮᠥᠨ ᠠᠮᠠ ᠶᠢᠨ ᠠᠶᠠᠨᠳᠠᠭᠠᠨ ᠨᠡᠮᠡᠭᠳᠡᠬᠦ ᠨᠤᠷᠮ᠎ᠠ ᠨᠢ -2.56‰ ᠪᠣᠯᠣᠨ᠎ᠠ᠃     ᠪᠦᠬᠦ ᠵᠢᠯ ᠳᠤ ᠬᠤᠳᠠ ᠪᠠᠯᠭᠠᠰᠤᠨ ᠤ 1304 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠲᠦᠷᠦᠭᠦᠦ ᠵᠢᠯ ᠤᠨ ᠎ ᠬᠢ ᠠᠴᠠ 562 ᠬᠥᠮᠥᠨ ᠬᠠᠰᠤᠭᠳᠠᠪᠠ᠃ ᠪᠥᠬᠦ ᠵᠢᠯ ᠳᠤ 4209 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ 637 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠠᠵᠢᠯ ᠣᠯᠬᠤ ᠳᠤ ᠬᠦᠴᠢᠷᠲᠡᠢ 273 ᠬᠥᠮᠥᠨ ᠳᠤ ᠠᠵᠢᠯ ᠣᠯᠭᠤᠵᠤ᠂ ᠳᠡᠭᠡᠳᠦ ᠰᠤᠷᠭᠠᠭᠤᠯᠢ ᠲᠡᠭᠦᠰᠦᠭᠰᠡᠳ ᠲᠤ 509 ᠬᠥᠮᠥᠨ ᠳᠤ ᠠᠵᠢᠯ ᠣᠯᠭᠤᠪᠠ᠃ ᠵᠢᠯ ᠤᠨ ᠡᠴᠦᠰ ᠤᠨ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 1.51% ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号