ᠪᠠᠷᠠᠭᠤᠨ ᠦᠵᠦᠮᠦᠴᠢᠨ ᠬᠤᠰᠢᠭᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/18
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠡᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠦᠢᠯᠡᠳᠦᠯᠭᠡᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ  ᠪᠠᠬᠢᠵᠢᠭᠦᠯᠬᠦ ᠶᠢᠨ ᠲᠤᠰᠠᠳᠠ᠂ 4 ᠰᠠᠷ᠎ᠠ ᠶᠢᠨ 16 ᠤ ᠡᠳᠦᠷ᠂ ᠪᠠᠷᠠᠭᠤᠨ ᠦᠵᠦᠮᠦᠴᠢᠨ ᠬᠤᠰᠢᠭᠤ 2024 ᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ    ᠥᠷᠨᠢᠭᠦᠯᠵᠦ᠂ ᠪᠥᠬᠦ ᠠᠷᠠᠳ ᠢᠶᠠᠷ ᠢᠶᠠᠨ ᠮᠤᠳᠤ ᠲᠠᠷᠢᠵᠤ ᠣᠶᠢᠵᠢᠭᠤᠯᠬᠤ ᠠᠵᠢᠯᠯᠠᠭ᠎ᠠ ᠳᠤ ᠣᠷᠣᠯᠴᠠᠨ᠂ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠬᠦᠲᠦᠯᠦᠨ ᠵᠢᠯᠤᠭᠤᠳᠪᠠ᠃
        ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ᠂ ᠵᠠᠯᠠᠭᠤᠴᠤᠳ ᠪᠠᠭᠠᠴᠤᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠢ᠃     ᠤᠯᠠᠨ ᠢᠶᠠᠷ ᠢᠶᠠᠨ ᠮᠣᠳᠣ ᠲᠠᠷᠢᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠠᠷᠢᠯᠴᠠᠨ ᠬᠠᠮᠵᠢᠯᠴᠠᠵᠤ᠂ ᠬᠦᠴᠦ ᠪᠠᠨ ᠬᠠᠮᠲᠤᠳᠬᠠᠨ᠂ ᠠᠮᠢᠵᠢᠷᠠᠯ ᠤᠨ ᠬᠦᠴᠦᠨ ᠪᠢᠯᠬᠠᠭᠰᠠᠨ ᠵᠤᠯᠵᠠᠭ᠎ᠠ  ᠮᠤᠳᠤᠳ ᠢ ᠬᠥᠷᠥᠰᠥᠨ ᠳᠤ ᠦᠨᠳᠦᠰᠦᠯᠡᠭᠦᠯᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠠᠮᠢᠵᠢᠷᠠᠯ ᠤᠨ ᠬᠦᠴᠦᠨ ᠢ    ᠨᠡᠮᠡᠷᠢᠯᠡᠵᠦ᠂ ᠪᠣᠬᠢᠷᠲᠤᠯ ᠦᠭᠡᠢ ᠠᠮᠢ ᠠᠬᠤᠢ ᠶᠢᠨ ᠬᠥᠭᠵᠢᠯᠲᠡ ᠳᠤ ᠰᠢᠨ᠎ᠡ ᠨᠣᠭᠤᠭᠠᠨ ᠥᠩᠭᠡ ᠶᠢ ᠨᠡᠮᠡᠯ᠎ᠡ᠃ ᠤᠯᠠᠨ ᠢᠶᠠᠷ ᠢᠶᠠᠨ ᠪᠣᠳᠠᠲᠤ ᠠᠵᠢᠯᠯᠠᠭ᠎ᠠ ᠪᠠᠷ ᠢᠶᠠᠨ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠶᠢᠷᠠᠯᠠᠨ ᠬᠠᠮᠠᠭᠠᠯᠠᠬᠤ ᠭᠥᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠡᠶ᠎ᠡ ᠵᠣᠬᠢᠴᠠᠩᠭᠤᠢ ᠪᠣᠬᠢᠷᠲᠤᠯ ᠦᠭᠡᠢ ᠣᠷᠣᠰᠢᠨ ᠰᠠᠭᠤᠬᠤ ᠤᠷᠴᠢᠨ ᠲᠤᠭᠤᠷᠢᠨ ᠢ ᠴᠣᠭᠴᠠᠯᠠᠨ ᠪᠠᠶᠢᠭᠤᠯᠬᠤ ᠪᠠ ᠬᠠᠮᠠᠭᠠᠯᠠᠬᠤ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠨ᠎ᠡ ᠭᠡᠮᠡᠨ ᠢᠯᠡᠳᠬᠡᠵᠡᠭᠡᠪᠡ᠃     ᠣᠶᠢᠷ᠎ᠠ ᠶᠢᠨ ᠵᠢᠯ ᠠᠴᠠ ᠪᠠᠷᠠᠭᠤᠨ ᠦᠵᠦᠮᠦᠴᠢᠨ ᠬᠤᠰᠢᠭᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ  ᠤᠨ ᠦᠵᠦᠮᠦᠴᠢᠨ ᠡᠯᠡᠰᠦ ᠶᠢ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂  ᠡᠯᠡᠰᠦ ᠶᠢ ᠲᠣᠭᠲᠠᠪᠤᠷᠢᠵᠢᠭᠤᠯᠬᠤ  ᠢᠨᠵᠧᠨᠧᠷᠢᠩ᠂ ᠠᠭᠤᠯᠠ ᠶᠢ ᠪᠢᠲᠡᠭᠦᠮᠵᠢᠯᠡᠨ ᠡᠪᠡᠰᠦ ᠮᠣᠳᠣ ᠲᠠᠷᠢᠵᠤ ᠪᠣᠶᠢᠵᠢᠭᠤᠯᠬᠤ᠂ ᠬᠥᠮᠥᠨ ᠤ ᠬᠦᠴᠦ ᠪᠠᠷ ᠤᠶᠢᠵᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠡᠯᠡᠰᠦᠷᠬᠡᠭ ᠭᠠᠵᠠᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ ᠳᠡᠭᠡᠭᠰᠢᠯᠡᠵᠦ᠂ ᠬᠥᠷᠥᠰᠥ ᠰᠢᠷᠣᠢ ᠶᠢᠨ ᠢᠳᠡᠭᠳᠡᠯ ᠬᠢᠭᠡᠳ ᠡᠯᠡᠰᠦᠷᠭᠡᠭᠵᠢᠬᠦ ᠪᠠᠶᠢᠳᠠᠯ ᠢ ᠪᠦᠲᠦᠮᠵᠢᠲᠡᠶ ᠬᠤᠷᠢᠭᠯᠠᠵᠤ᠂ ᠣᠷᠣᠨ ᠪᠦᠰᠡ ᠶᠢᠨ ᠠᠮᠢ ᠠᠬᠤᠢ ᠶᠢᠨ ᠪᠠᠶᠢᠳᠠᠯ ᠢ ᠮᠡᠳᠡᠭᠳᠡᠬᠦᠶᠢᠴᠡ ᠰᠠᠶᠢᠵᠢᠷᠠᠭᠤᠯᠣᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢ ᠪᠡᠶᠡᠯᠡᠭᠦᠯᠪᠡ᠃     ᠬᠤᠶᠢᠰᠢᠳᠠ ᠪᠠᠷᠠᠭᠤᠨ ᠦᠵᠦᠮᠦᠴᠢᠨ ᠬᠤᠰᠢᠭᠤ ᠨᠢ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ᠪᠥᠬᠦ ᠠᠷᠠᠳ ᠤᠨ ᠠᠯᠪᠠᠨ ᠵᠢᠷᠤᠮ  ᠤᠨ ᠮᠣᠳᠣ ᠳᠠᠷᠢᠬᠤ ᠶᠢ ᠭᠦᠨᠵᠡᠭᠡᠢ ᠠᠬᠢᠭᠤᠯᠵᠤ᠂  ᠨᠣᠭᠤᠭᠠᠷᠠᠭᠤᠯᠤᠯᠲᠠ ᠶᠢ ᠬᠠᠶᠢᠷᠠᠯᠠᠵᠤ ᠨᠣᠭᠤᠭᠠᠷᠠᠭᠤᠯᠤᠯᠲᠠ ᠶᠢ ᠬᠠᠮᠠᠭᠠᠯᠠᠬᠤ ᠪᠣᠯᠪᠠᠰᠤᠨ ᠬᠡᠪ ᠰᠤᠷᠲᠠᠯ ᠢ ᠪᠣᠶ ᠪᠣᠯᠭᠠᠵᠤ᠂ ᠨᠤᠭᠤᠭᠠᠷᠠᠭᠤᠯᠤᠯᠲᠠ ᠶᠢᠨ ᠠᠵᠤ ᠠᠬᠤᠢ᠂ ᠠᠮᠢ ᠠᠬᠤᠢ ᠪᠠ ᠨᠡᠶᠢᠭᠡᠮ ᠤᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠴᠢᠨᠠᠭᠰᠢᠳᠠ ᠠᠬᠢᠭᠤᠯᠬᠤ ᠪᠤᠯᠤᠨ᠎ᠠ᠃    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号