ᠪᠠᠷᠠᠭᠤᠨ ᠦᠵᠦᠮᠦᠴᠢᠨ ᠬᠤᠰᠢᠭᠤ ᠮᠠᠯ ᠤᠨ ᠲᠤᠭᠠᠯᠠᠯᠭ᠎ᠠ ᠬᠢᠪᠡ
ᠨᠡᠶᠢᠲᠡᠯᠡᠭᠰᠡᠨ ᠴᠠᠭ᠄
2024/4/18
      ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠦᠲᠦᠮᠵᠢᠲᠡᠶ ᠵᠠᠭᠪᠤᠷ ᠢ ᠰᠦᠪᠡᠭᠴᠢᠯᠡᠬᠦ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤ ᠨᠢ 4 ᠰᠠᠷ᠎ᠠ ᠶᠢᠨ 9 ᠤ ᠡᠳᠦᠷ ᠠᠴᠠ ᠡᠬᠢᠯᠡᠨ ᠪᠥᠬᠦ ᠬᠤᠰᠢᠭᠤᠨ ᠤ ᠬᠡᠪᠴᠢᠶᠡᠨ ᠳᠤ ᠮᠠᠯ ᠤᠨᠤᠭ᠎ᠠ ᠶᠢ ᠲᠣᠭᠠᠯᠠᠨ ᠪᠦᠷᠢᠳᠬᠡᠬᠦ ᠠᠵᠢᠯ ᠢ ᠥᠷᠨᠢᠭᠦᠯᠪᠡ᠃      ᠤᠯᠠᠭᠠᠨᠬᠠᠯᠠᠭ᠎ᠠ ᠰᠤᠮᠤ ᠶᠢᠨ ᠪᠠᠶ᠋ᠬᠠᠭᠤᠯᠠ ᠭᠠᠴᠠᠭ᠎ᠠ ᠳᠤ ᠬᠦᠷᠬᠦ ᠳᠤ᠂ ᠰᠤᠮᠤᠨ ᠤ ᠺᠠᠳ᠋ᠷ᠂ ᠭᠠᠴᠠᠭᠠᠨ ᠤ ᠡᠭᠦᠷ ᠵᠦᠪᠯᠡᠯ ᠤᠨ ᠬᠡᠰᠢᠭᠦᠳ ᠪᠤᠯᠤᠨ ᠭᠠᠴᠠᠭ᠎ᠠ ᠲᠠᠭᠠᠭᠠᠴᠢᠯᠠᠭᠰᠠᠨ ᠨᠢᠭᠡᠴᠡ ᠶᠢᠨ ᠬᠢᠨ ︽ᠭᠠᠴᠠᠭ᠎ᠠ ᠨᠢ ᠡᠷᠦᠬᠡ ᠶᠢ ᠣᠷᠬᠢᠭᠳᠠᠭᠤᠯᠬᠤ ᠦᠭᠡᠢ᠂ ᠡᠷᠦᠬᠡ ᠨᠢ ᠰᠦᠷᠦᠭ ᠢ ᠣᠷᠬᠢᠭᠳᠠᠭᠤᠯᠬᠤ ᠦᠭᠡᠢ᠂ ᠰᠦᠷᠦᠭ ᠨᠢ ᠮᠠᠯ ᠢ ᠣᠷᠬᠢᠭᠳᠠᠭᠤᠯᠬᠤ ᠦᠭᠡᠢ︾ ᠪᠠᠶᠢᠬᠤ ᠱᠠᠭᠠᠷᠳᠠᠯᠭ᠎ᠠ ᠶᠣᠰᠣᠭᠠᠷ ᠡᠷᠦᠬᠡ ᠲᠠᠷᠠᠭᠠᠯᠠᠨ ᠮᠠᠯ ᠤᠨ ᠲᠤᠭ᠎ᠠ ᠲᠤᠯᠤᠭᠠᠢ ᠶᠢ ᠲᠣᠭᠠᠯᠠᠨ ᠪᠦᠷᠢᠳᠬᠡᠬᠦ ᠶᠢᠨ ᠬᠠᠮᠲᠤ ᠲᠤᠬᠠᠶᠢᠯᠠᠭᠰᠠᠨ ᠠᠵᠢᠯ ᠤᠨ ᠬᠦᠰᠦᠨᠦᠭᠲᠦ ᠳᠤ ᠲᠠᠭᠯᠠᠨ ᠳᠡᠩᠰᠡᠯᠡᠵᠦ ᠪᠠᠶᠢᠯ᠎ᠠ᠃      ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ᠨᠢ ᠪᠣᠳᠠᠲᠤ ᠪᠠᠶᠢᠳᠠᠯ ᠳᠤ ᠪᠠᠨ ᠰᠠᠭᠤᠷᠢᠯᠠᠨ ᠤᠯᠤᠰ ᠤᠨ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠭᠦᠯᠬᠦ ᠲᠤᠷᠰᠢᠯᠲᠠ ᠶᠢᠨ ᠠᠵᠢᠯ ᠢ ᠰᠠᠶᠢᠳᠤᠷ ᠠᠳᠬᠤᠵᠤ᠂ ᠰᠦᠷᠦᠭ ᠤᠨ ᠪᠦᠲᠦᠴᠡ ᠳᠤ ᠲᠣᠬᠢᠷᠠᠭᠤᠯᠤᠯᠲᠠ ᠬᠢᠬᠦ᠂ ᠪᠡᠯᠴᠢᠭᠡᠷ ᠲᠤᠷ᠎ᠠ ᠪᠠᠷ ᠡᠵᠡᠯᠡᠨ ᠬᠡᠷᠡᠭᠯᠡᠬᠦ᠂ ᠪᠡᠯᠴᠢᠭᠡᠷ ᠬᠠᠳᠤᠯᠠᠩ ᠢ ᠳᠣᠲᠣᠭᠠᠳᠤ ᠳᠠᠭᠠᠨ ᠠᠰᠢᠠᠠᠯᠠᠬᠤ᠂ ᠰᠢᠨᠵᠢᠯᠡᠬᠦ ᠤᠬᠠᠭᠠᠨᠴᠢ ᠪᠠᠷ ᠮᠠᠯᠵᠢᠬᠤ ᠶᠢ ᠠᠬᠢᠭᠤᠯᠬᠤ ᠵᠡᠷᠭᠡ ᠠᠵᠢᠯ ᠢ ᠬᠦᠢᠴᠡᠳᠬᠡᠵᠦ᠂ ᠮᠠᠯ ᠪᠡᠯᠴᠢᠭᠡᠷ ᠤᠨ ᠲᠡᠩᠴᠡᠭᠦᠷᠢ ᠶᠢᠨ ᠠᠰᠠᠭᠤᠳᠠᠯ ᠢ ᠰᠢᠢᠳᠪᠦᠷᠢᠯᠡᠵᠦ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠨ ᠮᠠᠯᠵᠢᠬᠤ ᠣᠷᠣᠨ ᠤ ᠮᠠᠯ ᠪᠡᠯᠴᠢᠭᠡᠷ ᠢ ᠨᠢᠭᠡ ᠴᠣᠭᠴᠠᠵᠢᠭᠤᠯᠤᠨ ᠬᠥᠭᠵᠢᠭᠦᠯᠬᠦ ᠰᠢᠨ᠎ᠡ ᠵᠠᠮ ᠢᠶᠠᠷ ᠵᠠᠮᠨᠠᠵᠦ ᠡᠬᠢᠯᠡᠪᠡ᠃     ᠲᠣᠰ ᠤᠳᠠᠭᠠᠨ ᠤ ᠮᠠᠯ ᠣᠨᠤᠭ᠎ᠠ ᠶᠢ ᠲᠣᠭᠠᠯᠠᠨ ᠪᠦᠷᠢᠳᠬᠡᠬᠦ ᠠᠵᠢᠯ ᠳᠤᠮᠳᠠ᠂ ᠪᠠᠷᠠᠭᠤᠨ ᠦᠵᠦᠮᠦᠴᠢᠨ ᠬᠤᠰᠢᠭᠤ ᠨᠢ ᠮᠠᠯ ᠣᠨᠤᠭ᠎ᠠ ᠶᠢ ᠲᠣᠭᠠᠯᠠᠨ ᠪᠦᠷᠢᠳᠬᠡᠬᠦ ᠪᠠᠷ ᠲᠠᠮᠵᠢᠨ ᠮᠠᠯ ᠤᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠡᠵᠡᠮᠰᠢᠵᠦ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠤᠭᠳᠠᠭᠠᠬᠤ ᠳᠤ ᠦᠨᠳᠦᠰᠦᠨ ᠲᠤᠭ᠎ᠠ ᠪᠠᠷᠢᠮᠲᠠ ᠬᠠᠩᠭᠠᠬᠤ ᠪᠤᠯᠤᠨ᠎ᠠ᠃ ᠣᠳᠣᠬᠠᠨ ᠪᠥᠬᠦ ᠬᠤᠰᠢᠭᠤᠨ ᠤ ᠮᠠᠯ ᠤᠨ ᠲᠤᠭ᠎ᠠ ᠪᠦᠷᠢᠳᠬᠡᠯ ᠤᠨ ᠠᠵᠢᠯ ᠰᠢᠪᠲᠤᠷᠭᠠᠨ ᠳᠠᠭᠠᠨ ᠤᠷᠤᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号