ᠬᠤᠰᠢᠭᠤ ᠰᠢᠶᠠᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ | ᠳ᠋ᠦᠩ ᠢ ᠦᠨᠳᠦᠰᠦᠯᠡᠪᠡᠯ᠂ 2023 ᠣᠨ ᠳᠤ ᠮᠠᠨ ᠤ ᠬᠤᠰᠢᠭᠤᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ | 2170187 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 6.2% ᠨᠡᠮᠡᠭᠳᠡᠪᠡ᠃ ᠡᠭᠦᠨ ᠳᠤ᠂ | ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 224855 ᠲᠦᠮᠡᠨ ᠲᠥᠭᠦᠷᠢᠭ ᠲᠤ ᠬᠦᠷᠴᠦ᠂ 5.7% ᠪᠠᠷ | ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 1665069 ᠲᠦᠮᠡᠨ ᠲᠥᠭᠦᠷᠢᠭ ᠲᠤ ᠬᠦᠷᠴᠦ᠂ 6. | 0% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 280263 ᠲᠦᠮᠡᠨ ᠲᠥᠭᠦᠷᠢᠭ ᠲᠤ | ᠬᠦᠷᠴᠦ᠂ 7.7% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠬᠠᠷᠢᠴᠠᠯ ᠨᠢ 10.4᠄ 76.7᠄ 12.9 | ᠪᠣᠯᠣᠨ᠎ᠠ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠦᠢᠯᠡᠳᠪᠦᠷᠢᠯᠡᠯ ᠤᠨ ᠪᠥᠬᠦ ᠥᠷᠲᠡᠭ ᠤᠨ | ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠣᠰ ᠲᠣᠰ 11.5%᠂ 67.7% ᠪᠠ 20.8% | ᠪᠣᠯᠣᠨ᠎ᠠ᠃ ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠦᠢᠯᠡᠳᠪᠦᠷᠢᠯᠡᠯ ᠤᠨ ᠪᠦᠬᠦ ᠦᠷᠲᠡᠭ 213181 | ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 5.9% ᠪᠠᠷ ᠨᠡᠮᠡᠭᠳᠡᠪᠡ᠃ | ᠵᠢᠯ ᠤᠨ ᠡᠴᠦᠰ ᠲᠤ ᠪᠥᠬᠦ ᠬᠤᠰᠢᠭᠤᠨ ᠤ ᠪᠠᠶᠢᠩᠭᠤ ᠰᠠᠭᠤᠭ᠎ᠠ ᠬᠥᠮᠥᠨ ᠠᠮᠠ 10.17 ᠲᠦᠮᠡ ᠳᠤ ᠬᠦᠷᠴᠦ᠂ ᠳᠡᠭᠡᠷ᠎ᠡ | ᠵᠢᠯ ᠤᠨ ᠬᠢ ᠠᠴᠠ 0.02 ᠲᠦᠮᠡ ᠪᠠᠭᠠᠰᠪᠠ᠃ ᠡᠭᠦᠨ ᠤ ᠳᠣᠲᠣᠷ᠎ᠠ ᠬᠤᠲᠠ ᠪᠠᠯᠭᠠᠰᠤᠨ ᠤ ᠬᠥᠮᠥᠨ ᠠᠮᠠ 6.57 | ᠲᠦᠮᠡ᠂ ᠬᠥᠳᠡᠭᠡ ᠲᠣᠰᠬᠤᠨ ᠤ ᠬᠥᠮᠥᠨ ᠠᠮᠠ 3.60 ᠲᠦᠮᠡ ᠪᠠᠶᠢᠨ᠎ᠠ ᠃ ᠪᠠᠶᠢᠩᠭᠤ ᠰᠠᠭᠤᠭ᠎ᠠ ᠬᠥᠮᠥᠨ ᠠᠮᠠ ᠶᠢᠨ | ᠬᠤᠲᠠ ᠪᠠᠯᠭᠠᠰᠤᠵᠢᠯᠲᠠ ᠶᠢᠨ ᠨᠤᠷᠮ᠎ᠠ 64.60% ᠳᠤ ᠬᠦᠷᠴᠦ᠂ ᠲᠦᠷᠦᠭᠦᠦ ᠵᠢᠯ ᠤᠨ ᠬᠢ ᠠᠴᠠ 0.42 ᠵᠠᠭᠤᠨ ᠤ | ᠨᠢᠭᠡᠴᠢ ᠪᠠᠷ ᠳᠡᠭᠡᠭᠰᠢᠯᠡᠪᠡ᠃ ᠡᠷᠡᠭᠲᠡᠢ ᠬᠥᠮᠥᠨ ᠠᠮᠠ 5.27 ᠲᠦᠮᠡ᠂ ᠡᠮᠡᠭᠲᠡᠢ ᠬᠥᠮᠥᠨ ᠠᠮᠠ 4.90 ᠲᠦᠮᠡ ᠪᠠᠶᠢᠨ᠎ᠠ᠃ | ᠪᠥᠬᠦ ᠵᠢᠯ ᠳᠤ ᠲᠥᠷᠥᠭᠰᠡᠨ ᠬᠥᠮᠥᠨ ᠠᠮᠠ 0.048 ᠲᠦᠮᠡ ᠪᠠᠶᠢᠵᠤ᠂ ᠲᠥᠷᠥᠭᠰᠡᠨ ᠨᠣᠷᠮ᠎ᠠ ᠨᠢ 4.72‰ ᠪᠣᠯᠣᠨ᠎ᠠ᠃ | ᠦᠬᠦᠭᠰᠡᠨ ᠬᠥᠮᠥᠨ ᠠᠮᠠ 0.074 ᠲᠦᠮᠡ ᠳᠤ ᠬᠦᠷᠴᠦ᠂ ᠦᠬᠦᠭᠰᠡᠨ ᠨᠤᠷᠮ᠎ᠠ ᠨᠢ 7.28‰ ᠳᠤ ᠬᠦᠷᠴᠡᠢ᠃ | ᠬᠥᠮᠥᠨ ᠠᠮᠠ ᠶᠢᠨ ᠠᠶᠠᠨᠳᠠᠭᠠᠨ ᠨᠡᠮᠡᠭᠳᠡᠬᠦ ᠨᠤᠷᠮ᠎ᠠ ᠨᠢ -2.56‰ ᠪᠣᠯᠣᠨ᠎ᠠ᠃ | ᠪᠦᠬᠦ ᠵᠢᠯ ᠳᠤ ᠬᠤᠳᠠ ᠪᠠᠯᠭᠠᠰᠤᠨ ᠤ 1304 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠲᠦᠷᠦᠭᠦᠦ ᠵᠢᠯ ᠤᠨ | ᠬᠢ ᠠᠴᠠ 562 ᠬᠥᠮᠥᠨ ᠬᠠᠰᠤᠭᠳᠠᠪᠠ᠃ ᠪᠥᠬᠦ ᠵᠢᠯ ᠳᠤ 4209 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ | ᠣᠯᠭᠤᠵᠤ᠂ ᠬᠤᠲᠠ ᠪᠠᠯᠭᠠᠰᠤᠨ ᠤ 637 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠠᠵᠢᠯ ᠣᠯᠬᠤ ᠳᠤ | ᠬᠦᠴᠢᠷᠲᠡᠢ 273 ᠬᠥᠮᠥᠨ ᠳᠤ ᠠᠵᠢᠯ ᠣᠯᠭᠤᠵᠤ᠂ ᠳᠡᠭᠡᠳᠦ ᠰᠤᠷᠭᠠᠭᠤᠯᠢ ᠲᠡᠭᠦᠰᠦᠭᠰᠡᠳ ᠲᠤ 509 ᠬᠥᠮᠥᠨ ᠳᠤ ᠠᠵᠢᠯ | ᠣᠯᠭᠤᠪᠠ᠃ ᠵᠢᠯ ᠤᠨ ᠡᠴᠦᠰ ᠤᠨ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 1.51% | ᠪᠣᠯᠣᠨ᠎ᠠ᠃ |