ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠠᠮᠲᠤᠷᠠᠭᠰᠠᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/19
     4 ᠰᠠᠷ᠎ᠠ ᠶᠢᠨ 16᠎ ᠤ ᠡᠳᠦᠷ᠂ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠰᠠᠯᠠᠭ᠎ᠠ ᠮᠥᠴᠢᠷ ᠠᠯᠤᠰᠯᠠᠭᠰᠠᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠠᠮᠲᠤᠷᠠᠭᠰᠠᠨ ᠪᠠᠶᠢᠴᠠᠭᠠᠯᠲᠠ ᠥᠷᠨᠢᠭᠦᠯᠪᠡ᠃ ᠪᠠᠶᠢᠴᠠᠭᠠᠬᠤ ᠳᠤᠭᠤᠶᠢᠯᠠᠩ ᠨᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠲᠡᠭᠦᠯᠳᠡᠷᠵᠢᠭᠦᠯᠦᠭᠰᠡᠨ ᠡᠰᠡᠬᠦ᠂ ︽ᠬᠤᠶᠠᠷ ᠲᠣᠭᠲᠠᠭᠠᠯ︾᠎ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠦᠭᠰᠡᠨ ᠡᠰᠡᠬᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠲᠠᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ ᠡᠰᠡᠬᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠡᠰᠡᠬᠦ᠂ ᠬᠡᠷᠡᠭᠯᠡᠬᠦ ᠳᠠᠩᠰᠠᠯᠠᠯᠲᠠ ᠬᠢᠭᠰᠡᠨ ᠡᠰᠡᠬᠦ᠂ ᠲᠣᠨᠤᠭ ᠲᠥᠬᠦᠭᠡᠷᠦᠮᠵᠢ ᠶᠢ ᠬᠠᠮᠠᠭᠠᠯᠠᠨ ᠠᠷᠠᠴᠢᠯᠠᠬᠤ ᠠᠵᠢᠯ ᠪᠠ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠢ ᠪᠣᠳᠠᠲᠠᠶᠢᠵᠢᠭᠤᠯᠤᠭᠰᠠᠨ ᠡᠰᠡᠬᠦ ᠵᠡᠷᠭᠡ ᠪᠠᠶᠢᠳᠠᠯ ᠢ ᠪᠠᠶᠢᠴᠠᠭᠠᠪᠠ᠃
 
     ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠳᠤ ᠨᠡᠶᠢᠲᠡ 1 ᠵᠦᠢᠯ ᠤᠨ ᠳᠠᠯᠳᠠ ᠬᠡᠮ ᠤᠨ ᠠᠰᠠᠭᠤᠳᠠᠯ ᠢ ᠢᠯᠡᠷᠡᠭᠦᠯᠵᠡᠢ᠃ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠲᠠᠯᠠᠪᠤᠷ ᠲᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠬᠠᠷᠢᠭᠤ ᠲᠤᠰᠬᠠᠬᠤ ᠶᠢᠨ ᠬᠠᠮᠲᠤ ᠴᠡᠭᠴᠡᠯᠡᠨ ᠥᠭᠡᠷᠡᠴᠢᠯᠡᠬᠦ ᠰᠠᠨᠠᠭᠤᠯᠭ᠎ᠠ ᠳᠤᠷᠠᠳᠴᠤ᠂ ᠲᠡᠳᠡᠨ ᠢ ᠳᠠᠷᠤᠢ ᠳᠦᠷᠭᠡᠨ ᠵᠠᠰᠠᠨ ᠰᠠᠶᠢᠵᠢᠷᠠᠭᠤᠯᠬᠤ ᠶᠢ ᠱᠠᠭᠠᠷᠳᠠᠵᠤ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠪᠠ᠃ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠬᠥᠮᠥᠨ ᠣᠯᠠᠨ ᠴᠤᠭᠯᠠᠷᠠᠬᠤ ᠭᠠᠵᠠᠷ ᠲᠤ ᠬᠠᠷᠢᠶᠠᠯᠠᠭᠳᠠᠬᠤ ᠪᠥᠭᠡᠳ ᠨᠠᠰᠤᠲᠠᠶᠢᠴᠤᠳ ᠨᠢ ᠬᠥᠳᠡᠯᠵᠦ ᠪᠠᠷᠢᠬᠤ ᠳᠤ ᠳᠥᠭᠦᠮ ᠦᠭᠡᠢ᠂ ᠡᠶᠢᠮᠦ ᠠᠴᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠦᠨᠡᠮᠯᠡᠯ ᠲᠠᠢ ᠬᠥᠮᠥᠰ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠵᠤ᠂ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠵᠢᠴᠢ ᠵᠢᠷᠤᠮᠵᠢᠭᠤᠯᠤᠨ ᠬᠡᠷᠡᠭᠯᠡᠬᠦ ᠶᠠᠪᠤᠴᠠ ᠶᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ᠂ ᠠᠮᠤᠷ ᠲᠦᠪᠰᠢᠨ ᠤ ᠳᠠᠯᠳᠠ ᠬᠡᠮ ᠢ ᠥᠪᠡᠰᠦᠪᠡᠨ ᠪᠠᠶᠢᠴᠠᠭᠠᠬᠤ ᠴᠢᠳᠠᠪᠤᠷᠢ ᠪᠠᠨ ᠴᠢᠩᠭᠠᠳᠬᠠᠵᠤ᠂ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠦᠨ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠰᠡᠷᠭᠡᠶᠢᠯᠡᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠲᠠᠰᠤ ᠬᠤᠷᠢᠭᠯᠠᠵᠤ᠂ ᠨᠠᠰᠤᠵᠢᠯ ᠤᠨ ᠪᠠᠶᠢᠭᠤᠯᠤᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号