ᠪᠠᠷᠠᠭᠤᠨ ᠦᠵᠦᠮᠦᠴᠢᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠵᠢᠴᠢ ᠨᠡᠷᠡᠰ ᠤᠨ ᠬᠥᠮᠥᠷᠭᠡ ᠶᠢᠨ ᠰᠢᠨ᠎ᠡ ᠲᠣᠭᠲᠠᠴᠠ ᠶᠢᠨ ᠲᠤᠬᠠᠶᠢᠯᠠᠭᠰᠠᠨ ᠠᠵᠢᠯ ᠤᠨ  ᠪᠤᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/4/19
      ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠰᠢᠯᠭᠠᠨ ᠠᠪᠬᠤ ᠶᠠᠰᠤ ᠴᠢᠨᠠᠷ ᠦᠷ᠎ᠡ ᠠᠰᠢᠭ ᠪᠠ ᠨᠡᠷᠡᠰ ᠤᠨ ᠬᠥᠮᠥᠷᠭᠡ ᠶᠢᠨ ᠬᠠᠮᠠᠭᠠᠯᠠᠯᠲᠠ ᠶᠢᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠬᠦᠯᠬᠦ ᠶᠢᠨ ᠳᠦᠯᠦᠭᠡ᠂ 4 ᠰᠠᠷ᠎ᠠ ᠶᠢᠨ 15᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠥᠬᠦ ᠬᠤᠰᠢᠭᠤᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠠᠵᠢᠯ ᠢ ᠲᠦᠯᠬᠢᠨ ᠠᠬᠢᠭᠤᠯᠬᠤ ᠬᠤᠷᠠᠯ ᠵᠢᠴᠢ ᠨᠡᠷᠡᠰ ᠤᠨ ᠬᠥᠮᠥᠷᠭᠡ ᠶᠢᠨ ᠰᠢᠨ᠎ᠡ ᠲᠣᠭᠲᠠᠴᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ᠃ ᠬᠤᠰᠢᠭᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠰᠬᠠᠢ ᠮᠡᠷᠭᠡᠵᠢᠯ ᠤᠨ ᠠᠵᠢᠯᠲᠠᠨ᠂ ᠬᠤᠰᠢᠭᠤ ᠠᠵᠤ ᠠᠬᠤᠢ ᠶᠢᠨ ᠠᠬᠤᠢ ᠨᠡᠶᠢᠳᠡᠮ ᠤᠨ ᠪᠠᠶᠢᠴᠠᠭᠠᠯᠳᠠ ᠶᠢᠨ ᠠᠯᠪᠠᠨ ᠭᠡᠷ ᠤᠨ ᠠᠵᠢᠯᠲᠠᠨ ᠵᠢᠴᠢ ᠰᠤᠮᠤ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠲᠠᠨ ᠬᠤᠷᠠᠯ ᠳᠤ ᠣᠷᠣᠯᠴᠠᠵᠠᠢ᠃      ᠬᠤᠷᠠᠯ ᠠᠴᠠ ᠠᠶᠢᠮᠠᠭ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠳᠠ ᠶᠢᠨ ᠠᠯᠪᠠᠨ ᠭᠡᠷ ᠤᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢ ᠠᠬᠢᠭᠤᠯᠬᠤ ᠬᠤᠷᠠᠯ ᠵᠢᠴᠢ ᠨᠡᠷᠡᠰ ᠤᠨ ᠬᠥᠮᠥᠷᠭᠡ ᠶᠢᠨ ᠰᠢᠨ᠎ᠡ ᠲᠣᠭᠲᠠᠴᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠰᠢᠭᠤᠨ ᠤ ᠨᠡᠶᠢᠳᠡᠮ ᠪᠠᠶᠢᠴᠠᠭᠠᠯᠲᠠ ᠶᠢᠨ ᠳᠠᠩᠰᠠᠯᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠭᠰᠠᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃     ᠬᠤᠷᠠᠯ ᠠᠴᠠ᠂ ᠨᠢᠭᠡ ᠳᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠡᠷᠴᠢᠮ ᠢ ᠴᠢᠩᠭᠠᠷᠠᠭᠤᠯᠵᠤ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠠ ᠵᠠᠰᠠᠪᠤᠷᠢ ᠣᠷᠣᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠬᠢ ᠡᠭᠦᠰᠦᠯ ᠤᠨ ᠪᠣᠭᠤᠮᠲᠠ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ︽ᠲᠠᠪᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠳᠠ︾᠎ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠰᠢᠯᠭᠠᠨ ᠠᠪᠬᠤ ᠠᠵᠢᠯ ᠢ ᠯᠠᠪᠳᠠᠭᠤᠨ ᠪᠥᠭᠡᠳ ᠥᠨᠳᠥᠷ ᠪᠦᠲᠦᠮᠵᠢᠲᠡᠢ ᠠᠬᠢᠭᠤᠯᠵᠤ᠂ ᠲᠣᠭᠲᠠᠭᠰᠠᠨ ᠬᠠᠷᠠᠯᠲᠠ ᠪᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠦᠨᠡᠨ ᠠᠴᠠ ᠵᠥᠪ ᠢ ᠡᠷᠢᠬᠦ ᠶᠢ    ᠪᠠᠷᠢᠮᠲᠠᠯᠠᠵᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠨᠢᠭᠡᠴᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠭᠰᠢᠳᠠ ᠵᠠᠳᠠᠯᠤᠨ ᠰᠤᠳᠤᠯᠵᠤ ᠮᠠᠭᠠᠳᠯᠠᠵᠤ᠂ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠪᠦᠬᠦᠨ ᠢ ᠨᠢᠭᠡᠳᠦᠯᠲᠡᠢ ᠪᠣᠯᠭᠠᠬᠤ ᠶᠢ ᠪᠠᠲᠤᠯᠠᠬᠤ ᠬᠡᠷᠡᠭᠲᠡᠢ ᠭᠡᠪᠡ᠃     ᠲᠠᠷᠠᠭᠠᠴᠢ ᠶᠢᠨ ᠠᠯᠬᠤᠮ ᠳᠤ᠂  ᠲᠤᠭ᠎ᠠ ᠪᠦᠷᠢᠳᠬᠡᠯ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠠᠭ ᠤᠨ ᠵᠠᠩᠭᠢᠯᠠᠭ᠎ᠠ ᠶᠢᠨ ᠴᠡᠭ ᠢ ᠡᠵᠡᠮᠳᠡᠵᠦ᠂ ︽ᠲᠠᠪᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠳᠠ︾᠎ ᠶᠢᠨ ᠠᠵᠢᠯ ᠳᠤ ᠪᠣᠯᠪᠠᠰᠤᠷᠠᠭᠤᠯᠤᠯ ᠪᠠ ᠬᠢᠨᠠᠨ ᠵᠢᠯᠤᠭᠤᠳᠬᠤ ᠠᠵᠢᠯ ᠢ ᠬᠢᠵᠦ᠂ ᠨᠠᠩ ᠲᠤᠰᠬᠠᠢ ᠮᠡᠷᠭᠡᠵᠢᠯ ᠤᠨ ᠨᠡᠶᠢᠳᠡᠮ ᠪᠠᠶᠢᠴᠠᠭᠠᠯᠲᠠ ᠶᠢᠨ ᠠᠷᠭ᠎ᠠ ᠪᠠᠷᠢᠯ᠂ ᠨᠠᠩ ᠴᠢᠩᠭ᠎ᠠ ᠨᠢᠮᠪᠠᠢ ᠠᠵᠢᠯ ᠤᠨ ᠰᠤᠷᠲᠠᠯ᠂ ᠨᠠᠩ ᠪᠣᠳᠠᠲᠠᠢ ᠶᠢ ᠡᠷᠬᠢᠮᠯᠡᠬᠦ ᠠᠵᠢᠯ ᠤᠨ ᠣᠪᠣᠷ ᠢᠶᠠᠷ ᠨᠡᠶᠢᠳᠡᠮ ᠪᠠᠶᠢᠴᠠᠭᠠᠯᠲᠠ ᠶᠢᠨ ᠠᠵᠢᠯ ᠢ ᠲᠦᠯᠬᠢᠨ ᠠᠬᠢᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠢᠩᠭ᠎ᠠ ᠬᠢᠨᠠᠨ ᠪᠠᠶᠢᠴᠠᠭᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠬᠦᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ‍ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号