ᠪᠠᠷᠠᠭᠤᠨ ᠦᠵᠦᠮᠦᠴᠢᠨ ᠬᠤᠰᠢᠭᠤᠨ ᠤ ᠵᠠᠮ ᠬᠠᠷᠢᠯᠴᠠᠭᠠᠨ ᠤ ᠵᠦᠭᠡᠭᠡᠪᠦᠷᠢ ᠶᠢᠨ ᠲᠤᠪᠴᠢᠶ᠎ᠠ ᠨᠢ ᠪᠦᠬᠦ ᠬᠤᠰᠢᠭᠤᠨ ᠤ ᠰᠤᠨᠳᠠᠯᠠᠭᠰᠠᠨ ᠵᠥᠷᠢᠯᠢᠭ ᠬᠥᠭᠦᠷᠭᠡ ᠶᠢᠨ ᠠᠮᠤᠷ ᠲᠦᠪᠰᠢᠨ ᠤ ᠳᠠᠯᠳᠠ ᠬᠡᠮ ᠢ ᠬᠠᠶᠢᠨ ᠪᠠᠶᠢᠴᠠᠭᠠᠪᠠ
ᠨᠡᠶᠢᠲᠡᠯᠡᠭᠰᠡᠨ ᠴᠠᠭ᠄
2024/4/19
    ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠠᠳᠡᠯ ᠤᠨ ᠳᠠᠯᠳᠠ ᠬᠡᠮ ᠢ ᠦᠨᠳᠦᠰᠦᠨ ᠠᠴᠠ ᠨᠢ ᠠᠷᠢᠯᠭᠠᠵᠤ᠂ ᠵᠠᠰᠠᠮᠠᠯ ᠵᠠᠮ᠂ ᠲᠡᠮᠦᠷ ᠵᠠᠮ ᠤᠨ ᠠᠳᠡᠯ ᠭᠠᠷᠬᠤ ᠶᠢ ᠰᠡᠷᠭᠡᠶᠢᠯᠡᠨ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 18 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠠᠮᠲᠤᠷᠠᠨ ᠵᠢᠷᠤᠵᠤ ᠲᠥᠯᠥᠪᠯᠡᠭᠰᠡᠨ ᠨᠢᠭᠡᠴᠡ᠂ ᠰᠢ ᠦ᠋ ᠲᠡᠮᠦᠷ ᠵᠠᠮ ᠤᠨ ᠰᠤᠨᠳᠠᠯᠠᠭᠰᠠᠨ ᠵᠥᠷᠢᠯᠢᠭ ᠬᠥᠭᠦᠷᠭᠡ ᠶᠢᠨ ᠠᠮᠤᠷ ᠲᠦᠪᠰᠢᠨ ᠤ ᠳᠠᠯᠳᠠ ᠬᠡᠮ ᠢ ᠬᠠᠶᠢᠨ ᠪᠠᠶᠢᠴᠠᠭᠠᠪᠠ᠃    ᠲᠤᠬᠠᠢ ᠶᠢᠨ ᠲᠠᠯᠠᠪᠠᠶ ᠶᠢᠨ ᠬᠠᠶᠢᠨ ᠪᠠᠶᠢᠴᠠᠭᠠᠯᠲᠠ ᠪᠠᠷ ᠳᠠᠮᠵᠢᠨ᠂ ᠬᠠᠶᠢᠨ ᠪᠠᠶᠢᠴᠠᠭᠠᠬᠤ ᠳᠤᠭᠤᠶᠢᠯᠠᠩ ᠨᠢ ᠵᠠᠰᠠᠮᠠᠯ ᠵᠠᠮ᠂ ᠲᠡᠮᠦᠷ ᠵᠠᠮ ᠰᠤᠨᠳᠠᠯᠠᠭᠰᠠᠨ ᠬᠥᠭᠦᠷᠭᠡ ᠶᠢᠨ ᠲᠣᠣᠷ ᠬᠠᠶᠠᠵᠤ ᠡᠪᠳᠡᠷᠡᠬᠦ ᠠᠴᠠ ᠰᠡᠷᠭᠡᠶᠢᠯᠡᠬᠦ᠂ ᠲᠡᠮᠳᠡᠭ ᠫᠠᠶᠢᠰᠠ ᠳᠤᠲᠠᠭᠳᠠᠭᠰᠠᠨ᠂ ᠬᠥᠭᠦᠷᠭᠡᠨ ᠤ ᠦᠵᠦᠭᠦᠷ ᠤᠨ ᠬᠠᠪᠲᠠᠰᠤ ᠪᠠ ᠵᠠᠮ ᠤᠨ ᠠᠭᠤᠯᠵᠠᠷ ᠭᠠᠵᠠᠷ ᠤᠨ ᠬᠤᠶᠠᠷ ᠬᠠᠵᠠᠭᠤ ᠶᠢᠨ ᠵᠠᠮ ᠤᠨ ᠰᠠᠭᠤᠷᠢ ᠶᠢᠨ ᠬᠦᠨᠳᠦ ᠨᠣᠴᠢᠲᠠᠢ ᠡᠪᠳᠡᠭᠳᠡᠭᠰᠡᠨ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠵᠠᠮ ᠱᠤᠭᠤᠮ᠂ ᠬᠥᠭᠦᠷᠭᠡ ᠶᠢᠨ ᠭᠤᠯᠳᠤᠩ᠂ ᠬᠠᠷᠢᠯᠴᠠᠨ ᠨᠡᠪᠲᠡᠷᠡᠯᠴᠡᠬᠦ᠂ ᠵᠠᠮ ᠤᠨ ᠰᠠᠭᠤᠷᠢ ᠵᠠᠮ ᠵᠢᠴᠢ ᠶᠡᠷᠦᠩᠬᠡᠢ ᠵᠢᠷᠤᠭ ᠲᠥᠯᠥᠪᠯᠡᠭᠡ ᠶᠢᠨ ᠲᠠᠯ᠎ᠠ ᠪᠠᠷ ᠲᠣᠰ ᠲᠣᠰ ᠭᠦᠨᠵᠡᠭᠡᠢ ᠰᠤᠳᠤᠯᠤᠨ ᠶᠠᠷᠢᠯᠴᠠᠵᠤ᠂ ᠵᠢᠷᠤᠭ ᠲᠥᠯᠥᠪᠯᠡᠭᠡ ᠶᠢᠨ ᠨᠢᠭᠡᠴᠡ ᠨᠢ ᠡᠯ᠎ᠡ ᠵᠦᠢᠯ ᠤᠨ ᠮᠡᠷᠭᠡᠵᠢᠯ ᠤᠨ ᠭᠦᠢᠴᠡᠳᠬᠡᠯ ᠲᠤᠭ᠎ᠠ ᠶᠢᠨ ᠲᠣᠭᠲᠠᠭᠠᠯ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠦᠨᠡᠯᠡᠨ ᠮᠠᠭᠠᠳᠯᠠᠵᠤ᠂ ᠲᠥᠰᠥᠯ ᠲᠣᠭᠲᠠᠭᠠᠨ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠵᠦ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠬᠤ ᠶᠢ ᠦᠨᠡᠨ ᠬᠦ ᠪᠠᠲᠤᠯᠠᠨ᠎ᠠ᠃    ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠨᠢ ᠦᠷᠭᠦᠯᠵᠢᠯᠡᠨ ᠪᠥᠬᠦ ᠬᠤᠰᠢᠭᠤᠨ ᠤ ᠬᠢᠯᠢ ᠳᠣᠲᠣᠷᠠᠬᠢ ᠵᠠᠰᠠᠮᠠᠯ ᠵᠠᠮ᠂ ᠲᠡᠮᠦᠷ ᠵᠠᠮ ᠢ ᠰᠤᠨᠳᠠᠯᠠᠭᠰᠠᠨ ᠵᠥᠷᠢᠯᠢᠭ ᠬᠥᠭᠦᠷᠭᠡ ᠶᠢᠨ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠲᠠ ᠶᠢ ᠴᠢᠩᠭᠠᠳᠬᠠᠵᠤ᠂ ᠲᠡᠮᠦᠷ ᠵᠠᠮ ᠤᠨ ᠰᠠᠯᠠᠭ᠎ᠠ ᠮᠥᠴᠢᠷ ᠲᠠᠢ ᠬᠤᠯᠪᠤᠭᠠᠯᠠᠨ ᠪᠠᠶᠢᠴᠠᠭᠠᠯᠳᠠ ᠪᠠᠨ ᠴᠢᠩᠭᠠᠳᠬᠠᠨ᠂ ᠵᠠᠰᠠᠮᠠᠯ ᠵᠠᠮ᠂ ᠲᠡᠮᠦᠷ ᠵᠠᠮ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠵᠦ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号