ᠤᠯᠠᠭᠠᠨ ᠬᠠᠭᠠᠯᠭ᠎ᠠ ᠰᠤᠮᠤᠨ ᠤ ᠪᠠᠴᠢᠪᠤᠯᠠᠭ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠤᠮᠠᠷᠠᠲᠤ ᠬᠢᠯᠢ ᠶᠢᠨ ᠡᠮᠡᠭᠲᠡᠶᠢᠴᠦᠳ︾ ᠤᠨ ᠤᠬᠠᠭᠤᠯᠤᠨ ᠲᠠᠶᠢᠯᠪᠤᠷᠢᠯᠠᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/4/19
    ᠰᠢ ᠶᠢᠨ ᠫᠢᠩ ᠶᠡᠷᠦᠩᠬᠡᠢ ᠱᠦᠵᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠲᠤᠬᠠᠢ ᠴᠢᠬᠤᠯᠠ ᠵᠢᠭᠠᠪᠤᠷᠢ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠯᠢᠳᠡᠭ ᠰᠠᠶᠢᠨ ᠭᠡᠷ ᠤᠨ ᠰᠤᠷᠲᠠᠯ ᠢ ᠶᠡᠬᠡᠪᠡᠷ ᠪᠠᠳᠠᠷᠠᠭᠤᠯᠤᠨ᠂ ᠭᠡᠷ ᠤᠨ ᠰᠤᠷᠭᠠᠯ ᠭᠡᠷ ᠤᠨ ᠰᠤᠷᠲᠠᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 17 ᠤ ᠡᠳᠦᠷ᠂ ᠤᠯᠠᠭᠠᠨ ᠬᠠᠭᠠᠯᠭ᠎ᠠ ᠰᠤᠮᠤᠨ ᠤ ᠪᠠᠴᠢᠪᠤᠯᠠᠭ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ︽ᠤᠮᠠᠷᠠᠲᠤ ᠬᠢᠯᠢ ᠶᠢᠨ ᠡᠮᠡᠭᠲᠡᠶᠢᠴᠦᠳ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂  ᠭᠠᠴᠠᠭᠠᠨ ᠤ 14 ᠡᠮᠡᠭᠲᠡᠶᠢᠴᠦᠳ ᠣᠷᠣᠯᠴᠠᠵᠠᠢ᠃     ᠡᠩ ᠲᠡᠷᠢᠭᠦᠨ ᠳᠤ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠣᠯᠠᠨ ᠢ ᠳᠠᠭᠠᠭᠤᠯᠤᠨ ︽ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ ᠰᠢ ᠶᠢᠨ ᠫᠢᠩ ᠶᠢᠨ ᠥᠭᠦᠯᠡᠯᠲᠡ ᠶᠢᠨ ᠲᠣᠪᠴᠢᠯᠠᠯ︾ ︵ᠳᠣᠷᠣᠭᠰᠢ ︽ᠲᠣᠪᠴᠢᠯᠠᠯ ᠨᠠᠶᠢᠷᠠᠭᠤᠯᠤᠯ︾ ᠭᠡᠵᠦ ᠲᠣᠪᠴᠢᠯᠠᠨ᠎ᠠ︶ ᠢ ᠬᠠᠮᠲᠤ ᠪᠠᠷ ᠰᠤᠷᠤᠯᠴᠠᠪᠠ᠃ ᠳᠠᠷᠠᠭ᠎ᠠ ᠳᠤᠨᠢ᠂ ᠤᠯᠤᠰ ᠭᠡᠷ ᠤᠨ ᠬᠠᠶᠢᠷ᠎ᠠ ᠰᠡᠳᠬᠢᠯᠭᠡ᠂ ᠪᠡᠶ᠎ᠡ ᠪᠠᠷ ᠢᠶᠠᠨ ᠬᠡᠪ ᠳᠦᠷᠢᠮ ᠪᠣᠯᠬᠤ᠂ ᠠᠷᠢᠭᠤᠨ ᠴᠢᠬᠡᠴᠢ ᠪᠠᠷ ᠪᠡᠶ᠎ᠡ ᠪᠡᠨ‌ᠵᠠᠰᠠᠬᠤ ᠵᠡᠷᠭᠡ ᠵᠠᠩᠭᠢᠯᠠᠭ᠎ᠠ ᠶᠢᠨ ᠦᠭᠡᠰ ᠲᠤ ᠨᠠᠷᠢᠨ ᠲᠠᠶᠢᠯᠪᠤᠷᠢ ᠬᠢᠭᠰᠡᠨ ᠪᠥᠭᠡᠳ ᠥᠷᠭᠡᠨ ᠤᠯᠠᠨ ᠭᠡᠷ ᠪᠦᠯᠢ ᠶᠢ ᠬᠥᠲᠥᠯᠥᠨ ᠵᠢᠯᠤᠭᠤᠳᠴᠤ᠂ ᠤᠬᠠᠮᠰᠠᠷ ᠠᠴᠠ ᠪᠠᠨ ᠭᠡᠷ ᠤᠨ ᠰᠤᠷᠭᠠᠯ ᠢ ᠰᠠᠶᠢᠲᠤᠷ ᠤᠯᠠᠮᠵᠢᠯᠠᠵᠤ᠂ ᠰᠠᠶᠢᠨ ᠭᠡᠷ ᠤᠨ ᠰᠤᠷᠲᠠᠯ ᠢ ᠪᠠᠶᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠭᠡᠷ ᠪᠦᠯᠢ ᠶᠢᠨ ᠰᠠᠶᠢᠨ ᠰᠠᠶᠢᠬᠠᠨ ᠶᠣᠰᠣ ᠰᠤᠷᠲᠠᠬᠤᠨ ᠢ ᠪᠠᠳᠠᠷᠠᠭᠤᠯᠬᠤ ᠨᠡᠶᠢᠭᠡᠮ ᠤᠨ ᠬᠡᠪ ᠰᠤᠷᠲᠠᠯ ᠢ ᠪᠦᠷᠢᠯᠳᠦᠭᠦᠯᠬᠦ ᠶᠢ ᠤᠬᠠᠭᠤᠯᠵᠠᠢ᠃     ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠪᠠᠷ ᠳᠡᠮᠵᠢᠨ ᠬᠤᠷᠠᠯ ᠳᠤ ᠣᠷᠣᠯᠴᠠᠭᠰᠠᠳ᠂ ᠰᠢ ᠶᠢᠨ ᠫᠢᠩ ᠶᠡᠷᠦᠩᠬᠡᠢ ᠱᠦᠵᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠳᠤ ᠨᠠᠩ ᠭᠦᠨᠵᠡᠭᠡᠢ ᠣᠶᠢᠯᠠᠭᠠᠯᠲᠠ ᠲᠠᠢ ᠪᠣᠯᠵᠠᠢ᠃ ᠤᠯᠠᠨ ᠢᠶᠠᠷ ᠢᠶᠠᠨ᠂ ᠬᠤᠶᠢᠰᠢᠳᠠ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ᠂ ᠰᠢᠨ᠎ᠡ ᠴᠠᠭ ᠦᠶ᠎ᠡ ᠶᠢᠨ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号