ᠪᠠᠷᠠᠭᠤᠨ ᠦᠵᠦᠮᠦᠴᠢᠨ ᠬᠤᠰᠢᠭᠤ ᠮᠢᠬᠠᠨ ᠤ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠭᠦᠭᠵᠢᠬᠦᠯᠬᠦ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/2
      3 ᠰᠠᠷ᠎ᠠ ᠶᠢᠨ 30᠎ ᠤ ᠦᠳᠡ ᠶᠢᠨ ᠡᠮᠦᠨ᠎ᠡ᠂ ᠪᠠᠷᠠᠭᠤᠨ ᠦᠵᠦᠮᠦᠴᠢᠨ ᠬᠤᠰᠢᠭᠤ ᠮᠢᠬᠠᠨ ᠤ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠭᠦᠭᠵᠢᠬᠦᠯᠬᠦ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠎ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠬᠠᠢ ᠱᠠᠨ ᠬᠤᠷᠠᠯ ᠡᠷᠭᠢᠯᠡᠵᠦ᠂ ᠵᠠᠰᠠᠭ ᠤᠨ ᠣᠷᠳᠣᠨ ᠤ  ᠬᠤᠰᠢᠭᠤ ᠳᠡᠳ᠋ ᠳᠠᠷᠤᠭ᠎ᠠ ᠵᠢᠶᠠ ᠨᠠᠨ ᠬᠤᠷᠠᠯ ᠳᠤ ᠣᠷᠣᠯᠴᠠᠵᠠᠢ᠃
     ᠬᠤᠷᠠᠯ ᠳᠤ᠂  ︽ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶︾ ︽2024 ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠲᠤᠰᠬᠠᠢ ᠵᠦᠢᠯ ᠢ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ︽ᠰᠢᠯᠢ ᠶᠢᠨ ᠭᠤᠣᠯ ᠠᠶᠢᠮᠠᠭ ᠤᠨ ᠴᠢᠨᠠᠷ ᠰᠠᠶᠢᠲᠠᠢ ᠡᠭᠦᠯᠳᠡᠷ ᠤᠨ ᠮᠢᠬᠠᠨ ᠤ ᠦᠬᠡᠷ ᠤᠨ ᠬᠥᠭᠵᠢᠯᠲᠡ ᠶᠢ ᠲᠡᠳᠬᠦᠬᠦ ᠠᠷᠭ᠎ᠠ ︵ᠲᠤᠷᠰᠢᠨ ᠬᠡᠷᠡᠭᠵᠢᠭᠦᠯᠬᠦ︶︾ ︽ᠰᠢᠯᠢ ᠶᠢᠨ ᠭᠤᠣᠯ ᠠᠶᠢᠮᠠᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠵᠢᠴᠢ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠬᠥᠭᠵᠢᠯᠲᠡ ᠶᠢ ᠠᠬᠢᠭᠤᠯᠬᠤ ᠮᠢᠬᠠᠨ ᠤ ᠦᠬᠡᠷ ᠢ ᠬᠡᠪᠴᠢᠶᠡᠵᠢᠭᠦᠯᠦᠨ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶︾ ᠵᠢᠴᠢ ︽2024 ᠣᠨ ᠤ ᠪᠠᠷᠠᠭᠤᠨ ᠦᠵᠦᠮᠦᠴᠢᠨ ᠬᠤᠰᠢᠭᠤᠨ ᠤ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠠᠵᠢᠯᠯᠠᠭᠠᠨ ᠤ ᠲᠥᠰᠥᠯ︾ ︽ᠪᠠᠷᠠᠭᠤᠨ ᠦᠵᠦᠮᠦᠴᠢᠨ ᠬᠤᠰᠢᠭᠤᠨ ᠤ ᠮᠢᠬᠠᠨ ᠤ ᠦᠬᠡᠷ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ ︵2024 ︱ 2027 ᠣᠨ︶︾᠎ ᠳᠤ ᠨᠠᠷᠢᠯᠢᠭ ᠲᠠᠶᠢᠯᠤᠮᠵᠢ ᠬᠢᠬᠦ ᠶᠢᠨ ᠲᠠᠭᠠᠤ ᠰᠢᠯᠢ ᠶᠢᠨ ᠭᠤᠤᠯ ᠠᠶᠢᠮᠠᠭ ᠤᠨ ᠮᠠᠯ ᠠᠵᠤ ᠠᠬᠤᠢ ᠶᠢᠨ ᠠᠵᠢᠯ ᠤᠨ ᠥᠷᠲᠡᠭᠡᠨ ᠤ ᠲᠤᠰᠬᠠᠢ ᠮᠡᠷᠭᠡᠵᠢᠯᠲᠡᠨ ᠡᠩᠬᠡᠮᠡᠨᠲᠤ ᠠᠴᠠ ᠠᠵᠤ ᠠᠬᠤᠶᠢᠯᠠᠯ + ᠭᠠᠴᠠᠭᠠᠨ ᠤ ᠬᠠᠮᠲᠤ ᠶᠢᠨ ᠠᠵᠤ ᠠᠬᠤᠢ + ᠮᠠᠯᠵᠢᠬᠤ ᠡᠷᠦᠬᠡ ᠶᠢᠨ ᠠᠰᠢᠭ ᠲᠤᠰᠠ ᠶᠢᠨ ᠬᠤᠯᠪᠣᠭ᠎ᠠ ᠵᠢᠨ‌ᠵᠠᠭᠪᠤᠷ ᠲᠤ ᠲᠤᠰᠬᠠᠢ ᠲᠠᠶᠢᠯᠤᠮᠵᠢ ᠬᠢᠵᠠᠢ᠃     ᠬᠤᠷᠠᠯ ᠳᠤ ᠣᠷᠣᠯᠴᠠᠭᠰᠠᠳ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠪᠣᠷᠳᠣᠵᠤ ᠲᠠᠷᠭᠤᠯᠠᠭᠤᠯᠬᠤ᠂ ᠮᠠᠯ ᠤᠨ ᠡᠭᠦᠯᠳᠡᠷ ᠢ ᠰᠠᠶᠢᠵᠢᠷᠠᠭᠤᠯᠬᠤ᠂ ᠮᠠᠯ ᠤᠨ ᠠᠷᠠᠯᠵᠢᠶ᠎ᠠ᠂ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠂  ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ᠂ ᠪᠡᠯᠴᠢᠭᠡᠷᠯᠡᠭᠦᠯᠬᠦ ᠶᠢ ᠵᠣᠭᠰᠤᠭᠠᠬᠤ ᠵᠡᠷᠭᠡ ᠲᠠᠯ᠎ᠠ ᠪᠠᠷ ᠨᠢᠭᠡᠳ ᠨᠢᠭᠡ ᠪᠠᠷ ᠶᠠᠷᠢᠶ᠎ᠠ ᠲᠠᠯᠪᠢᠵᠤ᠂ ᠪᠤᠳᠤᠯ ᠰᠠᠨᠠᠯ ᠢᠶᠠᠨ ᠰᠤᠯᠢᠯᠴᠠᠭᠰᠠᠨ ᠪᠠᠶᠢᠨ᠎ᠠ᠃     ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠮᠢᠬᠠᠨ ᠤ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠎ ᠶᠢ ᠬᠦᠭᠵᠢᠭᠦᠯᠬᠦ ᠲᠥᠷᠥ ᠶᠢᠨ ᠪᠣᠳᠣᠯᠭ᠎ᠠ ᠲᠠᠢ ᠭᠦᠢᠴᠡᠳ ᠤᠶᠠᠯᠳᠤᠭᠤᠯᠤᠨ᠂ ᠪᠦᠲᠦᠴᠡ ᠶᠢ ᠲᠣᠬᠢᠷᠠᠭᠤᠯᠬᠤ᠂ ᠲᠥᠷᠥᠯ ᠵᠦᠢᠯ ᠢ ᠰᠢᠯᠢᠳᠡᠭᠵᠢᠭᠦᠯᠬᠦ᠂ ᠡᠷᠦᠬᠡ ᠳᠤ ᠦᠷᠡᠵᠢᠭᠦᠯᠵᠦ ᠠᠵᠤ ᠠᠬᠤᠶᠢᠯᠠᠯ ᠎ ᠳᠤ ᠪᠣᠶᠢᠵᠢᠭᠤᠯᠬᠤ ᠵᠡᠷᠭᠡ ᠠᠷᠭ᠎ᠠ ᠬᠡᠮᠵᠢᠶ᠎ᠡ ᠎ ᠪᠠᠷ ᠳᠠᠮᠵᠢᠭᠤᠯᠤᠨ᠂ ᠮᠢᠬᠠᠨ ᠤ ᠦᠬᠡᠷ ᠤᠨ ᠠᠵᠤ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠶᠢᠨ ᠬᠠᠮᠲᠤ᠂ ᠬᠢᠯᠠᠰ ᠴᠡᠭ᠂ ᠲᠡᠷᠢᠬᠦᠨ ᠤ ᠠᠷᠭ᠎ᠠ ᠬᠢᠳᠡᠯ ᠢ ᠬᠡᠪ ᠵᠠᠭᠪᠤᠷ ᠪᠣᠯᠭᠠᠨ ᠳᠡᠯᠭᠡᠷᠡᠭᠦᠯᠵᠦ᠂ ᠮᠠᠯᠴᠢᠳ ᠤᠨ ᠦᠢᠯᠡᠳᠪᠦᠷᠢᠯᠡᠯ ᠵᠢᠴᠢ ᠪᠡᠯᠴᠢᠭᠡᠷᠯᠡᠭᠦᠯᠬᠦ ᠲᠠᠷᠤᠭᠠᠰᠤ ᠶᠢ ᠪᠦᠲᠦᠮᠵᠢᠲᠡᠶ ᠬᠥᠩᠭᠡᠷᠡᠭᠦᠯᠬᠦ ᠬᠡᠷᠡᠭᠲᠡᠢ᠃ ᠬᠤᠶᠠᠷ ᠲᠤ᠂ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠬᠡᠪᠡᠷ ᠬᠥᠭᠵᠢᠭᠦᠯᠬᠦ ᠬᠡᠷᠡᠭᠲᠡᠢ᠃ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠠᠵᠢᠯ ᠳᠤ ᠴᠢᠨᠠᠷ ᠰᠠᠶᠢᠲᠠᠢ ᠮᠡᠷᠭᠡᠵᠢᠯ ᠤᠨ ᠦᠢᠯᠡᠴᠢᠯᠡᠭᠡ ᠶᠢ ᠦᠷᠭᠦᠯᠵᠢᠯᠡᠨ ᠬᠠᠩᠭᠠᠵᠤ᠂ ᠮᠠᠯᠴᠢᠳ ᠤᠨ ᠦᠢᠯᠡᠳᠪᠦᠷᠢᠯᠡᠯ ᠤᠨ ᠮᠡᠷᠭᠡᠵᠢᠯ ᠤᠨ ᠬᠢᠷᠢ ᠬᠡᠮᠵᠢᠶ᠎ᠡ ᠪᠠ ᠡᠵᠡᠩᠨᠡᠯᠲᠡ ᠶᠢᠨ ᠬᠢᠷᠢ ᠬᠡᠮᠵᠢᠶ᠎ᠡ ᠶᠢ ᠲᠡᠭᠡᠭᠰᠢᠯᠡᠬᠦᠯᠬᠦ ᠭᠡᠷᠡᠭᠲᠠᠢ᠃ ᠭᠤᠷᠪᠠ ᠳᠤ᠂ ᠲᠠᠷᠢᠶᠠᠯᠠᠩ ᠮᠠᠯ ᠠᠵᠤ ᠠᠬᠤᠢ ᠶᠢᠨ ᠬᠠᠮᠢᠶᠠᠲᠠᠢ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠪᠠ ᠡᠯ᠎ᠡ ᠰᠤᠮᠤ ᠪᠠᠯᠭᠠᠰᠤᠨ ᠳᠤ ᠬᠢᠨᠠᠯᠲᠠ ᠲᠠᠯᠪᠢᠵᠤ ᠵᠢᠯᠤᠭᠤᠳᠬᠤ ᠪᠠᠨ ᠤᠯᠠᠮ ᠴᠢᠨᠠᠭᠰᠢᠲᠠ ᠴᠢᠩᠭᠠᠳᠬᠠᠵᠤ᠂ ᠠᠰᠠᠭᠤᠳᠠᠯ ᠤᠨ  ᠭᠤᠤᠯᠳᠠᠯᠭ᠎ᠠ ᠪᠠ ᠬᠦᠴᠢᠷ ᠠᠰᠠᠭᠤᠳᠠᠯ ᠢ ᠰᠤᠳᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠤᠨᠤᠪᠴᠢᠲᠠᠢ  ᠪᠠᠷ ᠨᠠᠶᠢᠳᠠᠪᠤᠷᠢᠵᠢᠭᠤᠯᠬᠤ ᠶᠢ ᠡᠷᠬᠡᠪᠰᠢ ᠪᠠᠲᠤᠯᠠᠬᠤ ᠬᠡᠷᠡᠭᠲᠡᠢ᠃ ᠳᠥᠷᠪᠡ ᠳᠤ᠂ ᠦᠢᠯᠡᠳᠪᠦᠷᠢᠯᠡᠯ ᠢ ᠴᠢᠬᠤᠯᠠᠴᠢᠯᠠᠬᠤ ᠠᠴᠠ ᠪᠢᠰᠢ ᠡᠵᠡᠩᠨᠡᠯᠲᠡ ᠶᠢ ᠴᠢᠬᠤᠯᠠᠴᠢᠯᠠᠬᠤ ᠦᠭᠡᠢ ᠭᠡᠬᠦ ᠦᠵᠡᠯᠲᠡ ᠶᠢ ᠲᠠᠶᠠᠭᠳᠠᠵᠤ᠂ ᠦᠢᠯᠡᠴᠢᠯᠡᠭᠡᠨ ᠤ ᠵᠣᠯᠭᠠᠯᠴᠠᠭ᠎ᠠ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ᠭᠠᠷᠤᠯᠲᠠ ᠶᠢᠨ ᠳᠠᠪᠠᠭᠤᠯᠢᠭ ᠢ ᠦᠢᠯᠡᠳᠬᠦᠨ ᠤ ᠥᠷᠲᠡᠭ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠪᠥᠬᠦ ᠬᠤᠰᠢᠭᠤᠨ ᠤ ᠮᠢᠬᠠᠨ ᠤ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠡᠷᠡᠭᠲᠠᠢ ᠭᠡᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号