ᠪᠠᠷᠠᠭᠤᠨ ᠦᠵᠦᠮᠦᠴᠢᠨ ᠬᠤᠰᠢᠭᠤ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/2
     3 ᠰᠠᠷ᠎ᠠ ᠶᠢᠨ 27 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ 2023 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠠᠮᠵᠢᠯᠲᠠ ᠶᠢ ᠳ᠋ᠦᠩᠨᠡᠨ᠂ 2024 ᠣᠨ ᠤ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠬᠤᠰᠢᠭᠤ ᠨᠠᠮ ᠤᠨ ᠬᠤᠷᠢᠶᠠᠨ ᠤ ᠭᠤᠣᠯᠳᠠᠯᠭ᠎ᠠ ᠶᠢᠨ ᠲᠣᠭᠤᠷᠢᠨ ᠳᠤ ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢ ᠳᠠᠶᠢᠴᠢᠯᠠᠪᠠ᠃
    ᠬᠤᠰᠢᠭᠤ ᠨᠠᠮ ᠤᠨ ᠬᠤᠷᠢᠶᠠᠨ ᠤ ᠱᠦᠵᠢ ᠮᠥᠩᠭᠦᠨᠱᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠬᠤᠷᠠᠯ ᠢ ᠡᠷᠬᠢᠯᠡᠨ᠂ ᠬᠤᠰᠢᠭᠤ ᠨᠠᠮ ᠤᠨ ᠬᠤᠷᠢᠶᠠᠨ ᠤ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠠᠴᠠ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ᠂ ᠣᠯᠠᠨ ᠲᠦᠮᠡᠨ ᠤ ᠪᠦᠯᠬᠦᠮ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠥᠬᠦ ᠲᠠᠯ᠎ᠠ ᠪᠠᠷ ᠲᠤᠤᠱᠯᠠᠭᠤᠯᠤᠨ ᠪᠠᠬᠢᠵᠢᠭᠦᠯᠬᠦ ᠭᠤᠣᠯ ᠰᠢᠵᠢᠮ ᠢ ᠪᠥᠬᠦ ᠲᠠᠯ᠎ᠠ ᠪᠠᠷ ᠲᠤᠤᠱᠯᠠᠭᠤᠯᠬᠤ ᠵᠡᠷᠭᠡ ᠲᠠᠯ᠎ᠠ ᠶᠢᠨ ᠠᠵᠢᠯ ᠢ ᠲᠣᠰ ᠲᠣᠰ ᠪᠣᠳᠠᠲᠠᠢ ᠪᠠᠶᠢᠷᠢᠯᠠᠭᠤᠯᠵᠠᠢ᠃
    ᠮᠥᠩᠭᠦᠨᠱᠠ ᠵᠢᠭᠠᠵᠤ ᠭᠠᠷᠭᠠᠬᠤ ᠳᠠᠭᠠᠨ᠄ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠠᠶᠢᠵᠤ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠡᠭᠦᠷᠭᠡ ᠬᠠᠷᠢᠭᠤᠴᠠᠯᠭ᠎ᠠ ᠬᠦᠨᠳᠦ ᠪᠠᠶᠢᠭ᠎ᠠ ᠶᠤᠮ᠃ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠤᠨ ᠪᠠᠲᠤᠳᠬᠠᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾  ᠢ ᠬᠡᠷᠡᠭᠵᠢᠭᠦᠯᠬᠦ᠂ ︽ᠤᠮᠠᠷᠠᠲᠤ ᠶᠢᠨ ᠰᠣᠶᠣᠯ︾  ᠤᠨ ᠲᠦᠷᠦᠯ ᠲᠡᠮᠳᠡᠭ ᠢ ᠡᠭᠦᠳᠬᠦ ᠳᠡᠭᠡᠷ᠎ᠡ ᠬᠦᠴᠦ ᠲᠠᠯᠪᠢᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃       ᠮᠥᠩᠭᠦᠨᠱᠠ ᠱᠠᠭᠠᠷᠳᠠᠭᠰᠠᠨ ᠨᠢ᠄ ᠵᠣᠬᠢᠶᠠᠨ ᠪᠠᠶᠢᠭᠤᠯᠬᠤ ᠠᠵᠢᠯ ᠳᠤ ᠡᠷᠳᠡᠮᠲᠡᠨ ᠢ ᠰᠣᠩᠭᠤᠬᠤ᠂ ᠴᠢᠳᠠᠪᠤᠷᠢᠲᠠᠨ ᠢ  ᠴᠤᠭᠯᠠᠭᠤᠯᠬᠤ᠂ ᠰᠠᠭᠤᠷᠢ ᠶᠢ ᠪᠠᠲᠤᠳᠬᠠᠬᠤ ᠶᠢ ᠪᠠᠷᠢᠮᠲᠠᠯᠠᠵᠤ᠂ ᠡᠩᠨᠡᠭᠡᠨ ᠤ ᠲᠠᠶᠢᠴᠢᠨ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ᠃ ᠪᠥᠬᠦ ᠤᠯᠤᠰ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠥᠷᠥ ᠪᠠᠷ ᠬᠥᠲᠥᠯᠥᠨ ᠳᠠᠭᠠᠭᠤᠯᠵᠤ ᠶᠢ ᠪᠠᠷᠢᠮᠲᠠᠯᠠᠵᠤ᠂ ᠨᠠᠮ   ᠠᠴᠠ ᠺᠠᠳ᠋ᠷ ᠢ ᠬᠠᠮᠢᠶᠠᠷᠴᠤ ᠡᠷᠳᠡᠮᠲᠡᠨ ᠴᠢᠳᠠᠪᠤᠷᠢᠲᠠᠨ ᠢ ᠰᠣᠩᠭᠤᠬᠤ᠂ ᠭᠤᠣᠯᠳᠠᠯᠭ᠎ᠠ ᠪᠠᠨ ᠳᠣᠷᠣᠭᠰᠢ ᠪᠠᠭᠤᠯᠭᠠᠵᠤ ᠰᠠᠭᠤᠷᠢ ᠪᠠᠨ ᠪᠠᠲᠤᠳᠬᠠᠬᠤ ᠢ ᠪᠠᠷᠢᠮᠲᠠᠯᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃
    ᠤᠬᠠᠭᠤᠯᠭ᠎ᠠ ᠶᠢᠨ ᠠᠵᠢᠯ ᠳᠤ ᠢᠲᠡᠭᠡᠯ ᠵᠣᠷᠢᠭ ᠢᠶᠠᠨ ᠪᠠᠲᠤᠳᠬᠠᠬᠤ᠂ ᠡᠷᠴᠢ ᠬᠦᠴᠦᠨ ᠢᠶᠠᠨ ᠬᠥᠪᠴᠢᠯᠡᠬᠦ᠂ ᠪᠣᠯᠪᠠᠰᠤᠨ ᠢ ᠠᠬᠢᠭᠤᠯᠬᠤ ᠶᠢ ᠪᠠᠷᠢᠮᠲᠠᠯᠠᠵᠤ᠂ ᠴᠠᠭ ᠦᠶ᠎ᠡ ᠶᠢᠨ ᠣᠨᠴᠠᠯᠢᠭ ᠢ  ᠦᠨᠡᠨ ᠬᠦ ᠬᠠᠷᠠᠭᠤᠯᠬᠤ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠨ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠣᠶᠣᠯ ᠤᠨ ᠦᠨᠳᠦᠰᠦ ᠶᠢ ᠦᠷᠭᠦᠯᠵᠢᠯᠡᠨ ᠤᠯᠠᠮᠵᠢᠯᠠᠬᠤ ᠶᠢ ᠠᠬᠢᠭᠤᠯᠤᠨ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠬᠦᠴᠦᠯᠡᠨ ᠪᠠᠶᠢᠭᠤᠯᠵᠤ᠂ ᠨᠠᠮ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ ᠤ ᠹᠷᠦᠨᠲ ᠢ ᠤᠬᠠᠮᠰᠠᠷ ᠠᠴᠠ ᠪᠠᠨ ᠰᠠᠬᠢᠨ ᠬᠠᠮᠠᠭᠠᠯᠠᠵᠤ᠂ ᠲᠤᠭ ᠡᠷᠭᠦᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠳᠡᠯᠭᠡᠨ ᠦᠵᠡᠭᠦᠯᠬᠦ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠬᠦ ᠬᠡᠷᠡᠭᠲᠡᠢ᠃     ᠨᠢᠭᠡᠳᠦᠮᠡᠯ ᠹᠷᠣᠨᠲ ᠤᠨ ᠠᠵᠢᠯ ᠳᠤ ᠪᠦᠯᠬᠦᠮᠳᠡᠯ ᠢ ᠠᠬᠢᠭᠤᠯᠬᠤ᠂ ᠬᠦᠴᠦᠨ ᠢ ᠲᠥᠪᠯᠡᠷᠡᠭᠦᠯᠬᠦ᠂ ᠡᠶ᠎ᠡ ᠵᠣᠬᠢᠴᠠᠯ ᠢ ᠨᠡᠮᠡᠭᠳᠡᠭᠦᠯᠬᠦ ᠶᠢ ᠪᠠᠷᠢᠮᠲᠠᠯᠠᠵᠤ᠂ ᠬᠠᠮᠤᠭ ᠤᠨ ᠲᠣᠮᠣ ᠢᠵᠢᠯ ᠲᠥᠪᠲᠦ ᠲᠣᠭᠤᠷᠢᠭ ᠢ ᠦᠨᠡᠨ ᠬᠦ ᠰᠠᠶᠢᠲᠤᠷ ᠵᠢᠷᠤᠭᠯᠠᠬᠤ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠮᠥᠨ ᠴᠦ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ ᠭᠡᠳᠡᠭ ᠢ ᠪᠠᠲᠤ ᠡᠵᠡᠮᠰᠢᠵᠦ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠤᠨ ᠬᠥᠲᠥᠯᠪᠦᠷᠢ ᠪᠣᠯᠭᠠᠨ᠂ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠨ᠂ ᠪᠦᠬᠦᠯᠢ ᠴᠣᠭᠴᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠰᠢᠰᠲ᠋ᠧᠮ ᠲᠠᠢ ᠳᠡᠭᠡᠭᠰᠢᠯᠡᠭᠦᠯᠬᠦ ᠬᠡᠷᠡᠭᠲᠡᠢ᠃ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠰᠢᠵᠦ᠂ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃     ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠪᠠᠲᠤᠯᠠᠬᠤ᠂ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠥᠭᠵᠢᠯᠲᠡ ᠶᠢᠨ ᠰᠠᠭᠤᠷᠢ ᠶᠢ ᠦᠨᠡᠨᠬᠦ ᠪᠠᠲᠤᠳᠬᠠᠬᠤ ᠬᠡᠷᠡᠭᠲᠡᠢ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠤ᠂ ᠠᠷᠠᠳ ᠤᠨ ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠨ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠦᠨᠡᠨᠬᠦ ᠪᠠᠲᠤᠯᠠᠨ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠬᠠᠤᠯᠢ ᠪᠠᠷ ᠵᠠᠰᠠᠬᠤ ᠪᠠᠷᠠᠭᠤᠨ ᠦᠵᠦᠮᠦᠴᠢᠨ ᠢ ᠴᠢᠷᠮᠠᠶᠢᠨ ᠪᠠᠶᠢᠭᠤᠯᠬᠤ ᠬᠡᠷᠡᠭᠲᠡᠢ᠃     ᠤᠯᠠᠨ ᠲᠦᠮᠡᠨ ᠤ ᠪᠦᠯᠬᠦᠮ ᠤᠨ ᠠᠵᠢᠯ ᠳᠤ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠪᠠᠷᠢᠮᠲᠠᠯᠠᠵᠤ᠂ ᠨᠠᠮ ᠪᠠ ᠤᠯᠠᠨ ᠲᠦᠮᠡᠨ ᠤ ᠰᠢᠨ᠎ᠡ ᠬᠤᠯᠪᠣᠭᠠᠰᠤ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠤᠯᠤᠰ ᠲᠥᠷᠥᠴᠢ ᠴᠢᠨᠠᠷ ᠲᠤ ᠰᠠᠭᠤᠷᠢᠯᠠᠨ᠂ ᠦᠵᠡᠯ ᠰᠠᠨᠠᠭ᠎ᠠ ᠦᠢᠯᠡ ᠠᠵᠢᠯᠯᠠᠭ᠎ᠠ ᠶᠢᠨ ᠲᠠᠯ᠎ᠠ ᠪᠠᠷ ᠤᠯᠤᠰ ᠲᠦᠷᠦ ᠶᠢ ᠡᠷᠬᠢᠮᠯᠡᠵᠦ᠂ ᠶᠣᠰᠣ ᠳᠦᠷᠢᠮ ᠢ  ᠰᠠᠬᠢᠨ᠂ ᠲᠡᠷᠢᠭᠦᠨ ᠤ ᠴᠢᠨᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠬᠠᠷᠢᠭᠤᠴᠠᠯᠭ᠎ᠠ ᠭᠤᠣᠯ ᠠᠵᠢᠯ   ᠤᠨ ᠲᠠᠯ᠎ᠠ ᠪᠠᠷ ᠠᠳᠠᠯᠢᠳᠬᠠᠨ᠂ ᠲᠡᠷᠢᠭᠦᠨ ᠤ ᠬᠢ ᠪᠣᠯᠬᠤ ᠪᠠᠷ ᠴᠢᠷᠮᠠᠶᠢᠨ ᠲᠡᠮᠡᠴᠡᠵᠦ᠂ ᠤᠯᠠᠨ ᠲᠦᠮᠡᠨᠴᠢ ᠴᠢᠨᠠᠷ ᠢ ᠡᠵᠡᠮᠰᠢᠨ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠲᠠᠯ᠎ᠠ ᠪᠠᠷ ᠦᠨᠡᠨ ᠰᠡᠳᠬᠢᠯ ᠠᠴᠠ ᠪᠠᠨ ᠵᠢᠳᠬᠦᠵᠦ᠂ ᠪᠣᠳᠠᠲᠠᠢ ᠭᠠᠪᠢᠶ᠎ᠠ ᠵᠢᠳᠬᠦᠯ ᠭᠠᠷᠭᠠᠬᠤ ᠬᠡᠷᠡᠭᠲᠡᠢ᠃     ᠨᠠᠮ ᠤᠨ ᠪᠠᠶᠢᠭᠤᠯᠤᠯᠲᠠ ᠳᠤ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠬᠠᠮᠵᠢᠯᠴᠠᠭ᠎ᠠ ᠶᠢ ᠴᠢᠩᠭᠠᠳᠬᠠᠬᠤ᠂ ᠡᠩᠨᠡᠭᠡ ᠪᠠᠶᠢᠭᠤᠯᠬᠤ ᠶᠢ ᠪᠠᠷᠢᠮᠲᠠᠯᠠᠵᠤ᠂ ᠠᠵᠢᠯ ᠤᠨ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠡᠯ᠎ᠡ ᠰᠤᠮᠤ ᠪᠠᠯᠭᠠᠰᠤ ᠡᠯ᠎ᠡ ᠰᠠᠯᠠᠭ᠎ᠠ ᠮᠥᠴᠢᠷ ᠨᠢ ᠬᠠᠷᠢᠭᠤᠴᠠᠯᠭ᠎ᠠ ᠲᠣᠳᠣᠷᠬᠠᠢ᠂ ᠡᠭᠦᠷᠭᠡ ᠲᠣᠳᠣᠷᠬᠠᠢ᠂ ᠨᠢᠭᠲᠠ ᠬᠤᠯᠪᠣᠯᠳᠤᠭᠰᠠᠨ ᠬᠠᠷᠢᠭᠤᠴᠠᠯᠭ᠎ᠠ ᠶᠢᠨ ᠬᠡᠯᠬᠢᠶ᠎ᠡ ᠪᠠ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠭᠰᠡᠨ᠂ ᠬᠠᠮᠲᠤ ᠪᠠᠷ ᠠᠳᠬᠤᠨ ᠬᠠᠮᠲᠤ ᠪᠠᠷ ᠬᠠᠮᠢᠶᠠᠷᠬᠤ ᠬᠡᠯᠪᠡᠷᠢ ᠶᠢᠨ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号