ᠪᠠᠷᠠᠭᠤᠨ ᠦᠵᠦᠮᠦᠴᠢᠨ ᠬᠤᠰᠢᠭᠤ᠄ ᠲᠠᠯ᠎ᠠ ᠨᠤᠲᠤᠭ ᠤᠨ ᠵᠢᠵᠢᠭ ᠬᠤᠲᠠ ᠶᠢᠨ ᠦᠵᠡᠰᠬᠦᠯᠡᠩᠲᠦ ᠰᠠᠶᠢᠬᠠᠨ ᠵᠢᠷᠤᠭ ᠢ ᠵᠢᠷᠤᠭᠯᠠᠨ᠎ᠠ
ᠨᠡᠶᠢᠲᠡᠯᠡᠭᠰᠡᠨ ᠴᠠᠭ᠄
2024/4/2
      ᠤᠶᠢᠷ᠎ᠠ ᠶᠢᠨ ᠵᠢᠯ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠲᠤᠤᠱᠯᠠᠭᠤᠯᠵᠤ᠂ ︽ᠬᠤᠲᠠ ᠶᠢ ᠨᠠᠷᠢᠯᠢᠭ ᠪᠠᠶᠢᠭᠤᠯᠬᠤ᠂ ᠴᠢᠳᠠᠮᠵᠢ ᠶᠢ ᠴᠢᠩᠭᠠᠳᠬᠠᠬᠤ᠂ ᠬᠠᠮᠢᠶᠠᠷᠤᠯᠲᠠ ᠶᠢ ᠰᠢᠯᠢᠳᠡᠭᠵᠢᠭᠦᠯᠬᠦ᠂ ᠠᠵᠤ ᠦᠢᠯᠡᠰ ᠢ ᠬᠥᠭᠵᠢᠭᠦᠯᠬᠦ᠂ ᠬᠥᠮᠦᠨ ᠢ ᠥᠷᠭᠡᠨ ᠢᠶᠠᠷ ᠴᠤᠭᠯᠠᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠲᠠᠯ᠎ᠠ ᠨᠤᠲᠤᠭ ᠤᠨ ᠵᠢᠵᠢᠭ ᠬᠤᠲᠠ ᠶᠢ ᠰᠢᠨᠡᠳᠬᠡᠵᠦ ᠶᠠᠰᠤ ᠴᠢᠨᠠᠷ ᠢ ᠳᠡᠭᠡᠭᠰᠢᠯᠡᠭᠦᠯᠬᠦ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠤᠲᠠ ᠪᠠᠯᠭᠠᠰᠤᠨ ᠤ ᠰᠠᠭᠤᠷᠢ ᠪᠦᠳᠦᠭᠡᠨ ᠪᠠᠶᠢᠭᠤᠯᠥᠯᠲᠠ ᠶᠢᠨ ᠡᠷᠴᠢᠮ ᠢ ᠴᠢᠩᠭᠠᠷᠠᠭᠤᠯᠤᠨ᠂ ᠬᠤᠲᠠ ᠶᠢᠨ ᠦᠶᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠵᠤ᠂  ᠬᠤᠲᠠ  ᠪᠠᠯᠭᠠᠰᠤᠨ ᠤ ᠪᠥᠲᠥᠭᠡᠨ ᠪᠠᠶᠢᠭᠤᠯᠤᠯᠲᠠ ᠳᠤ ᠲᠡᠤᠬᠡᠲᠦ ᠴᠢᠨᠠᠷᠲᠠᠶ ᠰᠢᠪᠲᠤᠯᠤᠯᠲᠠ ᠶᠢ ᠪᠡᠶᠡᠯᠡᠭᠦᠯᠪᠡ  ᠃      ᠪᠠᠷᠠᠭᠤᠨ ᠦᠵᠦᠮᠦᠴᠢᠨ ᠬᠤᠰᠢᠭᠤ ᠤᠷᠢᠳ ᠬᠤᠵᠢᠳ ︽ᠤᠯᠤᠰ ᠤᠨ ᠲᠠᠰ ᠤᠨ ᠠᠮᠢ ᠠᠬᠤᠶ ᠶᠢᠨ ᠰᠢᠶᠠᠩ ᠪᠠᠯᠭᠠᠰᠤ ︾᠂ ︽ᠪᠥᠬᠦ ᠤᠯᠤᠰ ᠤᠨ ᠵᠢᠵᠢᠭ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠯᠭᠠᠰᠤ ︾᠂ ︽ᠪᠥᠬᠦ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ︾᠂ ︽ᠥᠪᠡᠷᠲᠡᠭᠡᠨ ᠵᠠᠰᠠᠬᠤ ᠣᠷᠣᠨ ᠤ ᠵᠢᠵᠢᠭ ᠬᠤᠲᠠ  ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠯᠭᠠᠰᠤ ︾᠂ ︽ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠬᠤᠰᠢᠭᠤ ᠰᠢᠶᠠᠨ ᠤ ᠬᠤᠲᠠ ︾  ᠂︽ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠰᠢᠶᠠᠨ ᠤ ᠬᠤᠲᠠ ︾ ᠪᠠ ︽ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠰᠢᠶᠠᠨ ᠤ ᠬᠤᠲᠠ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ︾ ᠢᠶᠠᠷ ᠦᠨᠡᠯᠡᠭᠳᠡᠪᠡ᠃     ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠬᠤᠳᠠ ᠪᠠᠯᠭᠠᠰᠤᠨ ᠤ ᠪᠦᠳᠦᠭᠡᠨ ᠪᠠᠶᠢᠭᠤᠯᠥᠯᠲᠠ ᠶᠢᠨ ᠴᠢᠬᠤᠯᠠ ᠪᠦᠷᠢᠯᠳᠦᠭᠦᠨ ᠭᠡᠰᠡᠭ ᠪᠤᠯᠥᠨ᠎ᠠ  ᠂ ᠮᠦᠨᠴᠦ ᠠᠷᠠᠳ ᠤᠨ ᠠᠮᠢᠳᠤᠷᠠᠯ ᠲᠠᠢ ᠬᠤᠯᠪᠤᠭᠳᠠᠬᠤ ᠴᠢᠬᠤᠯᠠ‌‍ᠶᠠᠪᠤᠳᠠᠯ ᠮᠥᠨ᠃ ᠪᠠᠷᠠᠭᠤᠨ ᠦᠵᠦᠮᠦᠴᠢᠨ ᠬᠤᠰᠢᠭᠤ ᠨᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ  ᠠᠵᠢᠯ ᠢ ᠢᠳᠡᠪᠬᠢᠲᠡᠶ ᠰᠠᠶᠢᠲᠤᠷ ᠬᠢᠭᠰᠡᠭᠡᠷ ᠢᠷᠡᠵᠠᠢ᠃    ︽ᠮᠠᠨ ᠤ ᠰᠠᠭᠤᠭᠠᠯᠢ ᠠᠷᠠᠳ ᠤᠨ ᠲᠣᠭᠤᠷᠢᠭ ᠤᠨ ᠬᠤᠪᠢᠷᠠᠯᠲᠠ ᠮᠠᠰᠢ ᠶᠡᠭᠡ᠂ ᠪᠡᠶ᠎ᠡ ᠴᠢᠭᠢᠷᠠᠭᠵᠢᠭᠤᠯᠬᠤ ᠲᠦᠭᠦᠭᠡᠷᠦᠮᠵᠢ ᠤᠭᠰᠠᠷᠠᠭᠰᠠᠨ ᠪᠥᠭᠡᠳ ᠨᠣᠭᠤᠭᠠᠷᠠᠭᠤᠯᠤᠯᠲᠠ ᠶᠢᠨ ᠲᠠᠯᠠᠪᠠᠢ ᠶᠢ ᠨᠡᠮᠡᠭᠳᠡᠭᠦᠯᠦᠭᠰᠡᠨ ᠠᠴᠠ ᠮᠠᠨ ᠤ ᠰᠠᠭᠤᠭᠠᠯᠢ ᠲᠤᠭᠤᠷᠢᠭ ᠨᠢ ᠲᠤᠩ  ᠶᠡᠭᠡ ᠲᠠᠭᠠᠯᠠᠮᠵᠢᠲᠠᠢ ᠪᠣᠯᠵᠠᠢ ︾ ᠭᠡᠵᠦ  ᠰᠠᠭᠤᠭᠠᠯᠢ ᠠᠷᠠᠳ ᠰᠡᠳᠬᠢᠯ ᠬᠥᠳᠡᠯᠦᠨ  ᠶᠠᠷᠢᠵᠦ ᠪᠠᠶᠢᠯ᠎ᠠ᠃ ᠲᠦᠷᠦᠭᠦᠦ ᠵᠢᠯ ᠤᠳ ᠲᠤ᠂ ᠹᠦ᠋ ᠬᠤᠸᠠ ᠪᠠᠭ᠎ᠠ ᠲᠣᠭᠤᠷᠢᠭ ᠤᠨ ᠰᠠᠭᠤᠷᠢ ᠲᠥᠬᠦᠭᠡᠷᠦᠮᠵᠢ ᠨᠢ ᠬᠠᠭᠤᠴᠢᠷᠠᠵᠤ᠂ ᠣᠷᠴᠢᠨ ᠲᠣᠭᠤᠷᠢᠨ ᠨᠢ ᠬᠤᠴᠤᠷᠤᠩᠭᠤᠢ ᠪᠠᠶᠢᠪᠠ᠃ ᠡᠨᠡᠬᠦ ᠪᠠᠶᠢᠳᠠᠯ ᠳᠤ ᠴᠢᠭᠯᠡᠭᠦᠯᠦᠨ ᠹᠦ᠋ ᠬᠤᠸᠠ ᠲᠣᠭᠤᠷᠢᠭ ᠤᠨ ᠵᠠᠮ᠂ ᠪᠤᠵᠠᠷ ᠤᠰᠤᠨ ᠤ ᠬᠤᠭᠤᠯᠠᠶ ᠶᠢᠨ ᠲᠣᠣᠷ ᠵᠡᠷᠭᠡ ᠰᠠᠭᠤᠷᠢ ᠲᠦᠭᠦᠭᠡᠷᠦᠮᠵᠢ ᠶᠢ ᠰᠡᠯᠪᠢᠨ ᠵᠠᠰᠠᠵᠤ᠂ ᠣᠳᠣ ᠪᠤᠯᠬᠤ ᠳᠤ᠂ ᠡᠨᠡᠬᠦ ᠰᠠᠭᠤᠭᠠᠯᠢ ᠲᠣᠭᠤᠷᠢᠭ ᠨᠢ  ᠴᠣ ᠰᠢᠨ᠎ᠡ ᠳᠦᠷᠰᠦ ᠪᠠᠶᠢᠳᠠᠯ ᠪᠠᠷ  ᠰᠤᠯᠢᠭᠳᠠᠪᠠ  ᠃    ᠪᠠᠷᠠᠭᠤᠨ ᠦᠵᠦᠮᠦᠴᠢᠨ ᠬᠤᠰᠢᠭᠤᠨ ᠤ ᠬᠢᠨ ᠬᠤᠳᠠ ᠶᠢᠨ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠰᠢᠨᠡᠳᠬᠡᠨ ᠵᠠᠰᠠᠬᠤ ᠠᠵᠢᠯ ᠢ ᠠᠬᠢᠭᠤᠯᠵᠤ᠂ 2116 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ 12 ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ 17 ᠰᠠᠭᠤᠷᠢ ᠠᠰᠠᠷ᠂ 3.62 ᠲᠦᠮᠡᠨ ᠲᠡᠭᠰᠢ ᠳᠥᠷᠪᠡᠯᠵᠢᠨ  ᠮᠧᠲᠷ ᠲᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠰᠢᠨᠡᠳᠬᠡᠨ ᠵᠠᠰᠠᠬᠤ ᠶᠢ ᠬᠡᠷᠡᠭᠵᠢᠭᠦᠯᠵᠦ᠂ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠬᠦ ᠪᠠᠷ ᠳᠠᠮᠵᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠶᠡᠬᠡᠪᠡᠷ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠠᠰᠤᠷᠠᠯᠳᠠ ᠦᠬᠡᠢ ᠳᠡᠭᠡᠭᠰᠢᠯᠡᠭᠦᠯᠵᠡᠢ᠃    ︽ᠣᠲᠣ ᠪᠢᠳᠡ ᠭᠠᠳᠠᠭᠰᠢ ᠭᠠᠷᠤᠮᠠᠭᠴᠠ ᠭᠤᠶᠣ ᠰᠠᠶᠢᠬᠠᠨ ᠴᠡᠴᠡᠷᠯᠢᠭ ᠢᠶᠠᠷ ᠲᠤᠭᠤᠷᠢᠵᠦ᠂ ᠰᠡᠳᠬᠢᠯ ᠰᠡᠷᠭᠦᠵᠦ ᠪᠠᠶᠢᠨ᠎ᠠ  ︾᠃ ᠵᠣᠬᠢᠶᠠᠮᠠᠯ ᠨᠠᠭᠤᠷ ᠤᠨ ᠴᠡᠴᠡᠷᠯᠢᠭ ᠤᠨ ᠬᠠᠪᠢ ᠳᠤ ᠰᠠᠭᠤᠭ᠎ᠠ ᠰᠠᠭᠤᠭᠠᠯᠢ ᠠᠷᠠᠳ ᠱᠠᠭᠰᠢᠨ ᠮᠠᠭᠲᠠᠨ᠎ᠠ᠃ ᠲᠠᠯ᠎ᠠ ᠨᠤᠲᠤᠭ ᠤᠨ ᠵᠢᠵᠢᠭ ᠬᠤᠲᠠ ᠵᠢᠨ‌ᠣᠷᠴᠢᠨ ᠲᠣᠭᠤᠷᠢᠨ‌ᠤᠯᠠᠮ ᠠᠴᠠ ᠤᠯᠠᠮ ᠭᠤᠶᠣ ᠰᠠᠶᠢᠬᠠᠨ ᠪᠣᠯᠵᠤ᠂ ᠲᠠᠭᠠᠯᠠᠮᠵᠢ ᠶᠢᠨ ᠬᠡᠮᠵᠢᠶ᠎ᠡ ᠤᠯᠠᠮ ᠠᠴᠠ ᠤᠯᠠᠮ  ᠨᠡᠮᠡᠭᠳᠡᠵᠦ ᠪᠠᠶᠢᠨ᠎ᠠ᠂ ᠡᠨᠡ ᠪᠣᠯ ᠪᠠᠷᠠᠭᠤᠨ ᠦᠵᠦᠮᠦᠴᠢᠨ ᠤ ᠬᠤᠲᠠ ᠶᠢᠨ ᠰᠠᠭᠤᠭᠠᠯᠢ ᠠᠷᠠᠳ ᠤᠨ ᠬᠠᠮᠲᠤ ᠶᠢᠨ ᠲᠥᠷᠥᠭᠳᠡᠯ ᠪᠣᠯᠤᠨ᠎ᠠ᠃    ᠤᠢᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤ ᠠᠮᠢ ᠠᠬᠤᠢ ᠶᠢᠨ ᠪᠣᠯᠪᠠᠰᠤᠨ ᠤ ᠵᠢᠵᠢᠭ ᠬᠤᠳᠠ ᠶᠢ ᠬᠦᠴᠦᠯᠡᠨ ᠴᠤᠭᠴᠠᠯᠠᠵᠦ᠂ 2022 ᠣᠨ ᠠᠴᠠ ᠨᠠᠰᠢ᠂ 7.8 ᠳ᠋ᠦᠩᠰᠢᠭᠤᠷ ᠭᠠᠷᠤᠶ ᠲᠥᠭᠦᠷᠢᠭ ᠤᠨ ᠪᠡᠯᠡ ᠣᠷᠣᠭᠤᠯᠵᠤ 18 ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ 10 ᠵᠤᠷᠪᠤᠰ ᠬᠤᠲᠠ  ᠪᠠᠯᠭᠠᠰᠤᠨ ᠤ ᠵᠡᠭᠡᠯᠢ ᠭᠤᠳᠤᠮᠵᠢ ᠶᠢ ᠲᠠᠰ ᠳᠡᠪᠰᠢᠭᠦᠯᠦᠨ ᠥᠭᠡᠷᠡᠴᠢᠯᠡᠵᠦ᠂ ᠬᠠᠳᠠᠲᠤ ᠪᠠᠷᠢᠯᠭ᠎ᠠ ᠶᠢᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠠᠴᠠ ᠬᠤᠲᠠ ᠶᠢᠨ ᠲᠣᠭᠤᠷᠢᠭ ᠬᠥᠷᠬᠦ ᠵᠠᠮ᠂ ᠶᠠᠩ ᠭᠤᠸᠠᠩ ᠵᠢᠵᠢᠭ ᠲᠣᠭᠤᠷᠢᠭ ᠠᠴᠠ ᠶᠢᠨ ᠱᠠᠨ ᠴᠠᠬᠢᠯᠭᠠᠨ ᠦᠶᠯᠡᠳᠪᠦᠷᠢ ᠬᠥᠷᠬᠦ ᠵᠠᠮ ᠢ ᠥᠷᠭᠡᠳᠬᠡᠬᠦ ᠢᠨᠵᠧᠨᠧᠷᠢᠩ᠂ ᠬᠠᠭ᠋ᠠᠭᠤᠯᠠ ᠵᠡᠭᠡᠯᠢ ᠶᠢᠨ ᠪᠠᠶᠠᠩᠭᠤᠣᠯ ᠵᠠᠮ ᠤᠨ ᠬᠤᠶᠠᠷ ᠬᠠᠵᠠᠭᠤ ᠶᠢᠨ ᠦᠵᠡᠮᠵᠢ ᠶᠢ ᠲᠡᠰ ᠲᠡᠪᠰᠢᠭᠦᠯᠬᠦ ᠢᠨᠵᠧᠨᠧᠷᠢᠩ ᠵᠡᠷᠭᠡ ᠣᠯᠠᠨ ᠢᠨᠵᠧᠨᠧᠷᠢᠩ ᠢ   ᠬᠡᠷᠡᠭᠵᠢᠭᠦᠯᠵᠦ᠂ ᠬᠤᠲᠠ ᠶᠢᠨ ᠵᠠᠮ ᠤᠨ ᠪᠦᠷᠬᠦᠭᠦᠯ ᠢ 33 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠵᠦ᠂ 13 ᠲᠦᠮᠡᠨ ᠲᠡᠭᠰᠢ ᠳᠥᠷᠪᠡᠯᠵᠢᠨ ᠮᠧᠲᠷ ᠶᠠᠪᠠᠭᠠᠨ ᠬᠥᠮᠦᠨ ᠤ ᠵᠠᠮ ᠢ ᠰᠢᠨ᠎ᠡ ᠪᠠᠷ ᠪᠠᠶᠢᠭᠤᠯᠤᠭᠰᠠᠨ ᠪᠤᠶᠤ ᠰᠡᠯᠪᠢᠨ ᠵᠠᠰᠠᠪᠠ᠃ ᠡᠭᠦᠨ ᠤ   ᠬᠠᠮᠲᠤ᠂ ᠬᠤᠲᠠ ᠶᠢᠨ ᠬᠤᠭᠤᠯᠠᠶ ᠶᠢᠨ ᠲᠤᠤᠷ ᠤᠨ ︽ᠬᠢᠯᠭᠠᠰᠤᠨ ᠰᠤᠳᠠᠯ ︾ ᠢ ᠰᠠᠭᠠᠳ ᠥᠬᠡᠶ ᠨᠡᠪᠲᠡᠷᠡᠭᠦᠯᠬᠦ ᠶᠢᠨ ᠲᠤᠰᠠᠳᠠ᠂ ᠪᠠᠷᠠᠭᠤᠨ ᠦᠵᠦᠮᠦᠴᠢᠨ ᠬᠤᠰᠢᠭᠤᠨ ᠤ ᠬᠤᠲᠠ ᠶᠢᠨ ᠶᠠᠪᠤᠳᠠᠯ ᠤᠨ ᠬᠤᠭᠤᠯᠠᠶ ᠶᠢᠨ ᠲᠤᠤᠷ  ᠤᠨ ᠢᠵᠢ ᠪᠥᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠳᠥᠯᠭᠢᠨ ᠠᠬᠢᠭᠤᠯᠵᠤ᠂ 8.1 ᠺᠢᠯᠣᠮᠧᠲᠷ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢᠨ  ᠲᠤᠤᠷ ᠢ ᠥᠭᠡᠷᠡᠴᠢᠯᠡᠨ ᠪᠠᠶᠢᠭᠤᠯᠵᠤ᠂ 6 ᠺᠢᠯᠣᠮᠧᠲᠷ ᠪᠣᠬᠢᠷ ᠤᠰᠤᠨ ᠤ ᠬᠤᠭᠤᠯᠠᠶ ᠶᠢᠨ  ᠲᠤᠤᠷ ᠢ 1.9 ᠺᠢᠯᠣᠮᠧᠲᠷ ᠥᠭᠡᠷᠡᠴᠢᠯᠡᠪᠡ᠃ ᠬᠤᠲᠠ  ᠪᠠᠯᠭᠠᠰᠤᠨ ᠤ ᠣᠷᠣᠵᠤ ᠭᠠᠷᠬᠤ ᠭᠠᠵᠠᠷ ᠤᠨ 2  ᠭᠤᠤᠯ ᠰᠡᠳᠦᠪᠲᠦ ᠱᠤᠭᠤᠮᠠᠯ ᠢ ᠰᠢᠨ᠎ᠡ ᠪᠠᠷ ᠪᠠᠶᠢᠭᠤᠯᠵᠤ᠂ ᠬᠤᠲᠠ ᠪᠠᠯᠭᠠᠰᠤᠨ ᠤ ᠦᠨᠦᠷ ᠠᠮᠲᠠ ᠶᠢ ᠤᠯᠠᠮ ᠨᠢᠭᠡ ᠠᠯᠬᠤᠮ ᠲᠡᠭᠡᠭᠰᠢᠯᠡᠬᠦᠯᠪᠡ᠃ ᠬᠤᠲᠠ  ᠪᠠᠯᠭᠠᠰᠤᠨ ᠤ ᠬᠡᠰᠡᠭ ᠬᠤᠭᠤᠰᠣᠨ ᠭᠠᠵᠠᠷ ᠢ ᠠᠰᠢᠭᠯᠠᠨ 4 ᠪᠢᠴᠢᠯ ᠴᠡᠴᠡᠷᠯᠢᠭ ᠢ   ᠪᠠᠶᠢᠭᠤᠯᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠰᠡᠯᠡᠭᠦᠴᠡᠯ ᠵᠤᠭ᠎ᠠ ᠴᠡᠩᠭᠡᠯ ᠤᠨ ᠪᠢᠴᠢᠯ ᠣᠷᠣᠨ ᠵᠠᠶ ᠶᠢ ᠪᠣᠶ ᠪᠤᠯᠭᠠᠪᠠ᠃ 2331 ᠲᠡᠭᠰᠢ ᠳᠥᠷᠪᠡᠯᠵᠢᠨ ᠮᠧᠲᠷ ᠤᠨ ᠲᠠᠯᠠᠪᠠᠢ ᠲᠠᠢ ᠬᠤᠳᠠ ᠪᠠᠯᠭᠠᠰᠤᠨ ᠤ ᠤᠯᠠᠨ ᠨᠡᠶᠢᠲᠡ ᠶᠢᠨ ᠲᠡᠷᠭᠡ ᠵᠣᠭᠰᠣᠬᠤ ᠲᠠᠯᠠᠪᠠᠢ ᠶᠢ 1 ᠰᠠᠭᠤᠷᠢ ᠰᠢᠨ᠎ᠡ ᠪᠠᠷ ᠪᠠᠶᠢᠭᠤᠯᠵᠤ᠂ ᠬᠤᠳᠠ ᠪᠠᠯᠭᠠᠰᠤᠨ ᠤ ᠲᠡᠷᠭᠡ  ᠵᠤᠭᠰᠣᠭᠠᠬᠤ ᠨᠥᠬᠦᠴᠡᠯ ᠢ  ᠰᠠᠶᠢᠵᠢᠷᠠᠭᠤᠯᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号