ᠪᠠᠷᠠᠭᠤᠨ ᠦᠵᠦᠮᠦᠴᠢᠨ ᠬᠤᠰᠢᠭᠤᠨ ᠤ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢᠨ ᠬᠠᠮᠢᠶᠠᠷᠤᠯᠲᠠ ᠶᠢᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/4/22
      ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠡᠯᠡ ᠮᠥᠩᠭᠦ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠳᠦᠷᠢᠮ︾ ︵ᠳᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 577 ᠳᠤᠭᠠᠷ ᠲᠣᠭᠠᠲᠤ︶ ᠪᠣᠯᠣᠨ ︽ᠪᠠᠶᠢᠭᠠᠯᠢ ᠶᠢᠨ ᠭᠠᠮᠰᠢᠭ ᠢ ᠪᠦᠷᠢᠳᠬᠡᠨ ᠪᠠᠶᠢᠴᠠᠭᠠᠬᠤ ᠳᠦᠷᠢᠮ︾ ︵ᠪᠠᠴᠢᠮ ᠪᠠᠶᠢᠳᠠᠯ ᠢ ᠠᠷᠭᠠᠴᠠᠬᠤ ︵2020︶ 19 ᠳ᠋ᠤᠭᠡᠷ ᠲᠣᠭᠠᠲᠤ︶ ᠎ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠳᠤᠰ ᠠᠷᠭ᠎ᠠ ᠶᠢ ᠲᠣᠭᠲᠠᠭᠠᠪᠠ᠃       ᠨᠢᠭᠡᠳᠦᠭᠡᠷ ᠵᠦᠢᠯ᠂  ᠶᠡᠷᠦᠩᠬᠡᠢ ᠳᠦᠷᠢᠮ       ᠲᠣᠰ ᠲᠦᠷ ᠬᠡᠷᠡᠭᠵᠢᠭᠦᠯᠬᠦ ᠠᠷᠭ᠎ᠠ ᠳᠤ ᠬᠡᠯᠡᠵᠦ ᠪᠠᠶᠢᠭ᠎ᠠ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ︵ᠳᠣᠷᠣᠭᠰᠢ ᠭᠠᠮᠰᠢᠭ ᠠᠴᠠ ᠠᠪᠤᠷᠠᠬᠤ ᠪᠡᠯᠡ ᠮᠥᠩᠭᠦ ᠭᠡᠵᠦ ᠲᠣᠪᠴᠢᠯᠠᠨ᠎ᠠ︶ ᠭᠡᠳᠡᠭ ᠨᠢ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠪᠣᠯᠣᠨ ᠬᠤᠰᠢᠭᠤ ᠰᠢᠶᠠᠨ ᠤ ᠱᠠᠲᠤᠨ ᠤ ᠡᠳ᠋ ᠤᠨ ᠵᠠᠰᠠᠭ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠬᠢᠷᠠᠭᠤᠯᠤᠭᠰᠠᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠨᠦᠬᠦᠴᠡᠭᠰᠡᠳ ᠤᠨ ᠭᠡᠷ ᠪᠦᠯᠢ ᠶᠢ ᠲᠣᠬᠤᠨᠢᠭᠤᠯᠬᠤ᠂ ᠰᠢᠯᠵᠢᠯᠲᠡ ᠶᠢᠨ ᠴᠢᠨᠠᠷᠲᠠᠢ ᠲᠥᠪᠬᠢᠨᠡᠭᠦᠯᠬᠦ᠂ ᠳᠠᠬᠢᠨ ᠪᠠᠶᠢᠭᠤᠯᠵᠤ ᠰᠡᠷᠭᠦᠭᠡᠬᠦ᠂ ᠡᠪᠦᠯ ᠬᠠᠪᠤᠷ ᠤᠨ ᠠᠪᠤᠷᠠᠨ ᠲᠤᠰᠠᠯᠠᠬᠤ᠂ ᠭᠠᠩ ᠤᠨ ᠭᠠᠮᠰᠢᠭ ᠵᠡᠷᠭᠡ ᠲᠤᠰᠬᠠᠢ ᠵᠦᠢᠯ ᠤᠨ ᠪᠡᠯᠡ ᠮᠥᠩᠭᠦ ᠶᠢ ᠵᠢᠭᠠᠵᠤ ᠪᠣᠶ᠃ ᠭᠠᠮᠰᠢᠭ ᠠᠴᠠ ᠠᠪᠤᠷᠠᠬᠤ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠳᠤ ᠱᠠᠲᠤ ᠬᠤᠪᠢᠶᠠᠨ ᠬᠠᠮᠢᠶᠠᠷᠬᠤ᠂ ᠱᠠᠲᠤ ᠬᠤᠪᠢᠶᠠᠨ ᠡᠭᠦᠷᠭᠡᠯᠡᠬᠦ ᠶᠢ ᠵᠢᠷᠤᠮᠯᠠᠬᠤ ᠬᠡᠷᠡᠭᠲᠡᠢ᠃ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠵᠦ᠂ ᠭᠤᠣᠯᠳᠠᠯᠭ᠎ᠠ ᠲᠠᠢ ᠪᠠᠷ ᠬᠡᠷᠡᠭᠯᠡᠨ᠎ᠡ᠃ ᠡᠷᠬᠡ ᠲᠡᠭᠰᠢ ᠲᠥᠪ ᠭᠤᠣᠯᠴᠢ᠂ ᠢᠯᠡ ᠲᠣᠳᠣ ᠪᠠᠶᠢᠬᠤ ᠬᠡᠷᠡᠭᠲᠡᠢ᠃ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠦᠴᠦᠨ ᠲᠠᠢ ᠬᠤᠭᠤᠴᠠᠭ᠎ᠠ ᠶᠢ ᠴᠢᠬᠤᠯᠠᠴᠢᠯᠠᠬᠤ ᠵᠠᠷᠴᠢᠮ ᠢ ᠪᠠᠷᠢᠮᠳᠠᠯᠠᠬᠤ ᠬᠡᠷᠡᠭᠳᠡᠢ᠃       ᠬᠤᠶᠠᠳᠤᠭᠠᠷ ᠵᠦᠢᠯ  ᠭᠠᠮᠰᠢᠭ ᠠᠴᠠ ᠠᠪᠤᠷᠠᠬᠤ ᠪᠡᠯᠡ ᠮᠥᠩᠭᠦ ᠶᠢᠨ ᠬᠠᠮᠢᠶᠠᠷᠤᠯᠲᠠ       ︵ᠨᠢᠭᠡ︶ ᠪᠡᠯᠡ ᠮᠥᠩᠭᠦ ᠬᠤᠷᠠᠮᠳᠤᠭᠤᠯᠬᠤ      1.ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢ ᠪᠠᠭᠤᠯᠭᠠᠨ᠎ᠠ᠃ ᠣᠨᠴᠠ ᠶᠡᠭᠡ ᠪᠠ ᠬᠦᠨᠳᠦ ᠶᠡᠭᠡ ᠪᠠᠶᠢᠭᠠᠯᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠥᠪ ᠠᠴᠠ 70%᠎ ᠪᠠᠷ ᠨᠥᠬᠦᠪᠦᠷᠢᠯᠡᠵᠦ᠂ ᠥᠪᠡᠷᠲᠡᠭᠡᠨ ᠵᠠᠰᠠᠬᠤ ᠣᠷᠣᠨ ᠠᠴᠠ 15%᠎ ᠪᠠᠷ ᠨᠥᠬᠦᠪᠦᠷᠢᠯᠡᠨ᠎ᠡ᠃      2.ᠠᠶᠢᠮᠠᠭ ᠬᠤᠰᠢᠭᠤ ᠬᠤᠶᠠᠷ ᠱᠠᠲᠤᠨ ᠤ ᠲᠥᠰᠥᠪ ᠤᠨ ᠲᠣᠬᠢᠷᠠᠭᠤᠯᠤᠯᠲᠠ᠄ ᠠᠶᠢᠮᠠᠭ ᠬᠤᠰᠢᠭᠤ ᠬᠤᠶᠠᠷ ᠱᠠᠲᠤᠨ ᠤ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠪᠠᠶᠢᠩᠭᠤ ᠶᠢᠨ ᠵᠢᠯ ᠤᠨ ᠵᠠᠷᠤᠯᠭ᠎ᠠ ᠶᠢᠨ ᠶᠡᠷᠦᠩᠬᠡᠢ ᠲᠣᠭᠠᠨ ᠤ 15%᠎ ᠪᠠᠷ ᠲᠣᠰ ᠵᠢᠯ ᠤᠨ ᠲᠥᠰᠥᠪ ᠲᠤ ᠵᠢᠭᠰᠠᠭᠠᠵᠤ᠂ ᠬᠤᠰᠢᠭᠤ ᠱᠠᠲᠤᠨ ᠤ ᠡᠳ᠋ ᠤᠨ ᠵᠠᠰᠠᠭ ᠠᠴᠠ ᠭᠠᠮᠰᠢᠭ ᠠᠴᠠ ᠠᠪᠤᠷᠠᠬᠤ ᠠᠵᠢᠯ ᠤᠨ ᠪᠠᠶᠢᠳᠠᠯ ᠢ ᠦᠨᠳᠦᠰᠦᠯᠡᠨ ᠲᠣᠰ ᠵᠢᠯ ᠤᠨ ᠭᠠᠮᠰᠢᠭ ᠠᠴᠠ ᠠᠪᠤᠷᠠᠬᠤ ᠠᠵᠢᠯ ᠤᠨ ᠵᠠᠷᠤᠳᠠᠯ ᠢ ᠭᠠᠷᠭᠠᠨ᠎ᠠ᠃     3.ᠬᠠᠨᠳᠢᠪᠯᠠᠨ ᠢᠷᠡᠭᠰᠡᠨ ᠪᠡᠯᠡ ᠮᠥᠩᠭᠦ  ᠄ ᠬᠠᠨᠳᠢᠪᠯᠠᠭᠰᠠᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠬᠦᠯᠢᠶᠡᠨ ᠠᠪᠬᠤ ᠳᠠᠭᠠᠨ ᠬᠠᠨᠳᠤᠯᠭ᠎ᠠ ᠲᠠᠢ ᠨᠢ ᠡᠷᠬᠡᠪᠰᠢ ᠬᠠᠨᠪᠳᠢᠪᠯᠠᠭᠰᠠᠨ ᠬᠦᠰᠡᠯ ᠰᠠᠨᠠᠭ᠎ᠠ ᠪᠠᠷ ᠭᠦᠢᠴᠡᠳᠬᠡᠵᠦ᠂ ᠬᠠᠨᠳᠤᠯᠭ᠎ᠠ ᠲᠠᠢ ᠪᠤᠰᠤ ᠨᠢ ᠲᠤᠰ ᠱᠠᠲᠤᠨ ᠤ ᠲᠥᠰᠥᠪ ᠤᠨ ᠱᠠᠭᠠᠷᠳᠠᠯᠭ᠎ᠠ ᠶᠣᠰᠣᠭᠠᠷ ᠬᠡᠷᠡᠭᠯᠡᠬᠦ ᠬᠡᠷᠡᠭᠲᠡᠢ᠃     ︵ᠬᠤᠶᠠᠷ︶ ᠪᠡᠯᠡ ᠮᠥᠩᠭᠦ ᠶᠢᠨ ᠬᠡᠷᠡᠭᠯᠡᠯᠲᠡ    1. ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠄ ᠭᠠᠮᠰᠢᠭᠳᠠᠭᠰᠠᠨ ᠤᠯᠠᠨ ᠲᠦᠮᠡᠨ ᠢ ᠪᠠᠴᠢᠮ ᠠᠪᠤᠷᠠᠬᠤ ᠪᠠ ᠰᠢᠯᠵᠢᠭᠦᠯᠦᠨ ᠲᠥᠪᠬᠢᠨᠡᠭᠦᠯᠬᠦ ᠳᠤ ᠬᠡᠷᠡᠭᠯᠡᠵᠦ᠂ ᠭᠠᠮᠰᠢᠭᠳᠠᠭᠰᠠᠨ ᠤᠯᠠᠨ ᠲᠦᠮᠡᠨ ᠤ ᠭᠠᠮᠰᠢᠭ ᠤᠨ ᠳᠠᠷᠠᠭᠠᠬᠢ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠳᠠᠬᠢ ᠢᠳᠡᠵᠦ ᠤᠤᠭᠤᠬᠤ᠂ ᠡᠮᠦᠰᠬᠦ᠂ ᠬᠤᠨᠣᠵᠤ ᠬᠡᠪᠲᠡᠬᠦ ᠵᠡᠷᠭᠡ ᠳᠤ ᠲᠥᠷ ᠴᠠᠭ ᠤᠨ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠨ᠎ᠡ᠃    2. ᠭᠡᠷ ᠪᠦᠯᠢ ᠶᠢᠨ ᠬᠢᠨ ᠢ ᠨᠢ ᠲᠣᠬᠤᠨᠢᠭᠤᠯᠬᠤ᠄ ᠭᠠᠮᠰᠢᠭ ᠠᠴᠠ ᠪᠣᠯᠵᠤ ᠠᠳᠡᠭᠰᠡᠨ ᠬᠥᠮᠥᠰ ᠤᠨ ᠭᠡᠷ ᠪᠦᠯᠢ ᠶᠢᠨ ᠬᠢᠨ ᠳᠤ ᠲᠣᠬᠤᠨᠢᠭᠤᠯᠬᠤ ᠮᠥᠩᠭᠦ ᠣᠯᠭᠤᠬᠤ ᠳᠤ ᠬᠡᠷᠡᠭᠯᠡᠨ᠎ᠡ᠃    3 . ᠰᠢᠯᠵᠢᠯᠲᠡ ᠶᠢᠨ ᠴᠢᠨᠠᠷᠲᠠᠢ ᠲᠥᠪᠬᠢᠨᠡᠭᠦᠯᠦᠯᠲᠡ᠄ ᠭᠡᠷ ᠪᠠᠶᠢᠰᠢᠩ ᠨᠤᠷᠠᠭᠰᠠᠨ ᠪᠤᠶᠤ ᠬᠦᠨᠳᠦ ᠨᠣᠴᠢᠲᠠᠢ ᠡᠪᠳᠡᠭᠳᠡᠭᠰᠡᠨ ᠠᠴᠠ ᠪᠣᠯᠵᠤ ︽ᠰᠠᠭᠤᠬᠤ ᠭᠡᠷ ᠦᠭᠡᠢ᠂ ᠠᠮᠢᠳᠤᠷᠠᠯ ᠤᠨ ᠢᠷᠡᠯᠲᠡ ᠦᠭᠡᠢ᠂ ᠥᠪᠡᠷ ᠢ ᠪᠠᠨ ᠠᠪᠤᠷᠠᠬᠤ ᠴᠢᠳᠠᠪᠤᠷᠢ ᠦᠭᠡᠢ︾ ᠪᠣᠯᠤᠭᠰᠠᠨ ᠤᠯᠠᠨ ᠲᠦᠮᠡᠨ ᠤ ᠭᠠᠮᠰᠢᠭ ᠤᠨ ᠳᠠᠷᠠᠭᠠᠬᠢ ᠰᠢᠯᠵᠢᠯᠲᠡ ᠶᠢᠨ ᠬᠤᠭᠤᠴᠠᠭᠠᠨ ᠳᠠᠬᠢ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠬᠦ ᠳᠤ ᠬᠡᠷᠡᠭᠯᠡᠨ᠎ᠡ᠃    4. ᠳᠠᠬᠢᠨ ᠪᠠᠶᠢᠭᠤᠯᠵᠤ ᠰᠡᠷᠭᠦᠭᠡᠬᠦ᠄ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠭᠠᠮᠰᠢᠭ ᠠᠴᠠ ᠪᠣᠯᠵᠤ ᠨᠤᠷᠠᠭᠰᠠᠨ ᠪᠤᠶᠤ ᠬᠦᠨᠳᠦ ᠨᠣᠴᠢᠲᠠᠢ ᠡᠪᠳᠡᠭᠳᠡᠭᠰᠡᠨ ᠤ ᠳᠠᠷᠠᠭ᠎ᠠ ᠦᠨᠳᠦᠰᠦᠨ ᠣᠷᠣᠨ ᠰᠠᠭᠤᠴᠠ ᠶᠢ ᠰᠡᠷᠭᠦᠭᠡᠨ ᠳᠠᠬᠢᠨ ᠪᠠᠶᠢᠭᠤᠯᠬᠤ ᠳᠤ ᠨᠥᠬᠦᠪᠦᠷᠢ ᠥᠭᠴᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠭᠠᠮᠰᠢᠭ ᠠᠴᠠ ᠪᠣᠯᠵᠤ ᠡᠩ ᠤᠨ ᠡᠪᠳᠡᠭᠳᠡᠭᠰᠡᠨ ᠦᠨᠳᠦᠰᠦᠨ ᠰᠡᠯᠪᠢᠨ ᠵᠠᠰᠠᠯᠲᠠ ᠳᠤ ᠨᠥᠬᠦᠪᠦᠷᠢ ᠥᠭᠬᠦ ᠳᠤ ᠬᠡᠷᠡᠭᠯᠡᠨ᠎ᠡ᠃    5.ᠭᠠᠩ ᠬᠠᠭᠰᠠᠷᠠᠭᠠᠨ ᠤ ᠭᠠᠮᠰᠢᠭ ᠤᠨ ᠪᠡᠯᠡ ᠮᠦᠩᠭᠦ᠄ ᠰᠠᠭᠤᠭᠠᠯᠢ ᠠᠷᠠᠳ ᠤᠨ ᠠᠮᠤ ᠪᠤᠳᠠᠭ᠎ᠠ ᠪᠠ ᠤᠤᠭᠤᠬᠤ ᠤᠰᠤᠨ ᠤ ᠬᠦᠴᠢᠷᠳᠡᠯ ᠢ ᠰᠢᠢᠳᠪᠦᠷᠢᠯᠡᠬᠦ ᠳᠤ ᠬᠡᠷᠡᠭᠯᠡᠨ᠎ᠡ᠃    6. ᠡᠪᠦᠯ ᠬᠠᠪᠤᠷ ᠤᠨ ᠪᠡᠯᠡ ᠮᠥᠩᠭᠦ᠄ ᠡᠪᠦᠯ ᠤᠨ ᠤᠯᠠᠷᠢᠯ ᠪᠣᠯᠣᠨ ᠬᠠᠪᠤᠷ ᠤᠨ ᠭᠠᠴᠢᠭ ᠬᠤᠭᠤᠴᠠᠭᠠᠨ ᠤ ᠰᠠᠭᠤᠭᠠᠯᠢ ᠠᠷᠠᠳ ᠤᠨ ᠠᠮᠤ ᠬᠦᠨᠡᠰᠦ᠂ ᠬᠤᠪᠴᠠᠰᠤ ᠬᠤᠨᠠᠷ᠂ ᠳᠤᠯᠠᠭᠠᠯᠠᠭ᠎ᠠ ᠵᠡᠷᠭᠡ ᠦᠨᠳᠦᠰᠦᠨ ᠠᠮᠢᠳᠤᠷᠠᠯ ᠤᠨ ᠬᠦᠴᠢᠷᠳᠡᠯ ᠲᠤ ᠬᠡᠷᠡᠭᠯᠡᠨ᠎ᠡ᠃ ︵ᠭᠠᠩ ᠬᠠᠭᠰᠠᠷᠠᠭᠠᠨ ᠤ ᠭᠠᠮᠰᠢᠭ᠂ ᠦᠶᠡᠷ ᠤᠰᠤᠲᠤᠯ ᠤᠨ ᠭᠠᠮᠰᠢᠭ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠰᠠᠯᠬᠢᠨ ᠮᠥᠨᠳᠥᠷ ᠤᠨ ᠭᠠᠮᠰᠢᠭ᠂ ᠬᠠᠬᠢᠷ ᠬᠦᠢᠲᠡᠨ ᠤ ᠭᠠᠮᠰᠢᠭ᠂ ᠴᠠᠰᠤᠨ ᠤ ᠭᠠᠮᠰᠢᠭ᠂ ᠡᠯᠡᠰᠦᠨ ᠰᠢᠭᠤᠷᠭ᠎ᠠ ᠶᠢᠨ ᠭᠠᠮᠰᠢᠭ᠂ ᠭᠠᠵᠠᠷ ᠤᠨ ᠭᠠᠮᠰᠢᠭ᠂ ᠠᠮᠢᠳᠤ ᠪᠣᠳᠠᠰ ᠤᠨ ᠭᠠᠮᠰᠢᠭ ᠵᠢᠴᠢ ᠪᠤᠰᠤᠳ ᠵᠦᠢᠯ ᠳᠤ ᠬᠤᠯᠪᠣᠭᠳᠠᠨ᠎ᠠ︶    ︵ᠭᠤᠷᠪᠠ︶ ᠪᠡᠯᠡ ᠮᠥᠩᠭᠦ ᠭᠤᠶᠤᠴᠢᠯᠠᠬᠤ    1. ᠭᠤᠶᠤᠴᠢᠯᠠᠬᠤ ᠨᠥᠬᠦᠴᠡᠯ᠄ ① ᠣᠨᠴᠠ ᠶᠡᠭᠡ᠂ ᠬᠦᠨᠳᠦ ᠶᠡᠭᠡ ᠪᠠᠶᠢᠭᠠᠯᠢ ᠶᠢᠨ ᠭᠠᠮᠰᠢᠭ ᠲᠤ ᠳᠠᠭᠠᠷᠢᠭᠳᠠᠭᠰᠠᠨ ᠭᠠᠵᠠᠷ ᠣᠷᠣᠨ ᠳᠤ᠂ ᠪᠠᠴᠢᠮ ᠪᠠᠶᠢᠳᠠᠯ ᠢ ᠠᠷᠭᠠᠴᠠᠬᠤ ᠶᠢ ᠤᠷᠢᠳ ᠢᠶᠠᠷ ᠡᠬᠢᠯᠡᠭᠦᠯᠦᠨ᠎ᠡ᠃ ② ᠣᠷᠣᠨ ᠨᠤᠲᠤᠭ ᠤᠨ ᠬᠢᠨ ᠭᠠᠮᠰᠢᠭ ᠠᠴᠠ ᠠᠪᠤᠷᠠᠬᠤ ᠵᠣᠬᠢᠬᠤ ᠲᠣᠭᠠᠨ ᠤ ᠪᠡᠯᠡ ᠮᠥᠩᠭᠦ ᠶᠢ ᠵᠠᠷᠤᠨ᠎ᠠ᠃ ③ ᠡᠳ᠋ ᠤᠨ ᠵᠠᠰᠠᠭ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠳᠡᠭᠡᠳᠦ ᠱᠠᠲᠤᠨ ᠤ ᠡᠳ᠋ ᠤᠨ ᠵᠠᠰᠠᠭ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠨ᠎ᠠ᠃    2.ᠮᠡᠳᠡᠭᠦᠯᠬᠦ ᠴᠢᠬᠤᠯᠠ ᠨᠥᠬᠦᠴᠡᠯ᠄ ① ᠲᠤᠰ ᠱᠠᠲᠤᠨ ᠤ ᠵᠠᠰᠠᠭ ᠤᠨ ᠣᠷᠳᠣᠨ ᠠᠴᠠ ᠣᠷᠣᠨ ᠨᠤᠲᠤᠭ ᠤᠨ ᠪᠡᠯᠡ ᠮᠥᠩᠭᠦ ᠶᠢ ᠲᠣᠬᠢᠷᠠᠭᠤᠯᠬᠤ ᠪᠢᠴᠢᠭ ᠮᠠᠲ᠋ᠧᠷᠢᠶᠠᠯ᠃ ᠬᠤᠶᠠᠷ᠂ ᠭᠠᠮᠰᠢᠭ ᠤᠨ ᠪᠠᠶᠢᠳᠠᠯ ᠤᠨ ᠲᠤᠭ᠎ᠠ ᠪᠦᠷᠢᠳᠬᠡᠯ ᠤᠨ ᠬᠦᠰᠦᠨᠦᠭ᠃ ③ ᠭᠠᠮᠰᠢᠭ ᠠᠴᠠ ᠠᠪᠤᠷᠠᠬᠤ ᠠᠷᠭ᠎ᠠ ᠬᠡᠮᠵᠢᠶ᠎ᠡ ᠪᠠ ᠦᠨᠡᠯᠡᠯᠲᠡ ᠶᠢᠨ ᠮᠡᠳᠡᠭᠦᠯᠦᠯᠲᠡ    ︵ᠳᠥᠷᠪᠡ︶ ᠠᠪᠤᠷᠠᠨ ᠲᠤᠰᠠᠯᠠᠬᠤ ᠲᠥᠷᠥᠯ ᠵᠦᠢᠯ ᠪᠠ ᠪᠠᠷᠢᠮᠵᠢᠶ᠎ᠠ    1. ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠰᠢᠯᠵᠢᠯᠲᠡ ᠶᠢᠨ ᠴᠢᠨᠠᠷᠲᠠᠢ ᠲᠥᠪᠬᠢᠨᠡᠭᠦᠯᠬᠦ᠄ ᠬᠦᠴᠢᠷᠳᠡᠯ ᠤᠨ ᠲᠥᠷᠥᠯ ᠢ ᠢᠯᠭᠠᠯ ᠦᠭᠡᠢ᠂ ᠪᠠᠷᠢᠮᠵᠢᠶ᠎ᠠ ᠶᠢ ᠡᠳᠦᠷ ᠪᠦᠷᠢ ᠬᠥᠮᠥᠨ ᠪᠦᠷᠢ ᠳᠤ 10 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠠᠪᠤᠷᠠᠨ ᠲᠤᠰᠠᠯᠠᠬᠤ ᠬᠤᠭᠤᠴᠠᠭ᠎ᠠ ᠬᠢᠵᠠᠭᠠᠷ ᠢ 90 ᠡᠳᠦᠷ ᠤᠨ ᠳᠣᠲᠣᠷ᠎ᠠ ᠪᠠᠶᠢᠯᠭᠠᠨ᠎ᠠ᠃    2. ᠭᠡᠷ ᠪᠦᠯᠢ ᠶᠢᠨ ᠬᠢᠨ ᠢ ᠲᠣᠬᠤᠨᠢᠭᠤᠯᠬᠤ᠄ ᠬᠦᠴᠢᠷᠳᠡᠯ ᠤᠨ ᠲᠥᠷᠥᠯ ᠢᠯᠭᠠᠯ ᠢ ᠢᠯᠭᠠᠬᠤ ᠦᠭᠡᠢ᠂ ᠪᠠᠷᠢᠮᠵᠢᠶ᠎ᠠ ᠨᠢ ᠭᠠᠮᠰᠢᠭ ᠠᠴᠠ ᠪᠣᠯᠵᠤ ᠠᠳᠡᠭᠰᠡᠨ ᠬᠥᠮᠥᠨ ᠨᠢᠭᠡᠪᠦᠷᠢ ᠶᠢᠨ ᠭᠡᠷ ᠪᠦᠯᠢ ᠶᠢᠨ ᠬᠢᠨ ᠳᠤ ᠥᠭᠬᠦ ᠲᠣᠬᠤᠨᠢᠭᠤᠯᠬᠤ ᠮᠥᠩᠭᠦ ᠶᠢ 8000 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃    3. ᠳᠠᠬᠢᠨ ᠪᠠᠶᠢᠭᠤᠯᠵᠤ ᠰᠡᠷᠭᠦᠭᠡᠬᠦ᠄ ᠭᠤᠶᠤᠴᠢᠯᠠᠬᠤ᠂ ᠦᠨᠡᠯᠡᠨ ᠶᠠᠷᠢᠯᠴᠠᠬᠤ᠂ ᠬᠢᠨᠠᠨ ᠬᠠᠷᠭᠤᠭᠤᠯᠬᠤ᠂ ᠵᠠᠷᠯᠠᠨ ᠨᠡᠶᠢᠲᠡᠯᠡᠬᠦ ᠲᠠᠰ ᠳᠠᠷᠠᠭᠠᠯᠠᠯ ᠤᠨ ᠶᠣᠰᠣᠭᠠᠷ᠂ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠡᠯᠡ ᠮᠥᠩᠭᠦ ᠶᠢᠨ ᠶᠡᠷᠦᠩᠬᠡᠢ ᠬᠡᠮᠵᠢᠶ᠎ᠡ᠂ ᠳᠠᠬᠢᠨ ᠪᠠᠶᠢᠭᠤᠯᠵᠤ ᠰᠡᠯᠪᠢᠨ ᠵᠠᠰᠠᠬᠤ ᠴᠢᠬᠤᠯᠠᠲᠠᠢ ᠣᠷᠣᠨ ᠰᠠᠭᠤᠴᠠ ᠶᠢᠨ ᠲᠤᠭ᠎ᠠ ᠬᠡᠮᠵᠢᠶ᠎ᠡ ᠪᠠ ᠨᠤᠷᠠᠵᠤ ᠬᠤᠬᠢᠷᠠᠭᠰᠠᠨ ᠣᠷᠣᠨ ᠰᠠᠭᠤᠴᠠ ᠶᠢᠨ ᠡᠷᠦᠬᠡ ᠶᠢᠨ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ ᠲᠥᠷᠥᠯ ᠬᠤᠪᠢᠶᠠᠨ ᠨᠥᠬᠦᠪᠦᠷᠢᠯᠡᠨ᠎ᠡ᠂ ᠮᠠᠨ ᠤ ᠬᠤᠰᠢᠭᠤ ᠬᠠᠬᠢᠷ ᠬᠦᠢᠲᠡᠨ ᠭᠠᠵᠠᠷ ᠣᠷᠣᠨ ᠳᠤ ᠬᠠᠷᠢᠶᠠᠯᠠᠭᠳᠠᠬᠤ ᠤᠴᠢᠷ ᠠᠴᠠ ᠵᠠᠷᠴᠢᠮ ᠳᠡᠭᠡᠷ᠎ᠡ ᠪᠠᠨ ᠳᠣᠣᠷᠠᠬᠢ ᠲᠥᠷᠥᠯ ᠬᠤᠪᠢᠶᠠᠬᠤ ᠪᠠ ᠪᠠᠷᠢᠮᠵᠢᠶ᠎ᠠ ᠶᠢ ᠲᠣᠭᠲᠠᠭᠠᠨ᠎ᠠ᠄    ᠨᠢᠭᠡᠳᠦᠭᠡᠷ ᠲᠥᠷᠥᠯ ᠤᠨ ᠠᠪᠤᠷᠠᠨ ᠲᠤᠰᠠᠯᠠᠬᠤ ᠡᠲᠡᠭᠡᠳ᠄ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ᠂ ᠭᠤᠣᠯ ᠪᠣᠯᠬᠤ ᠬᠥᠳᠡᠯᠮᠦᠷᠢ ᠬᠦᠴᠦᠨ ᠨᠢ ᠨᠢᠭᠡᠳᠦᠭᠡᠷ ᠬᠤᠶᠠᠳᠤᠭᠠᠷ ᠳᠡᠰ ᠤᠨ ᠵᠡᠮᠳᠡᠭ ᠡᠷᠦᠬᠡ᠂ ᠭᠠᠮᠰᠢᠭ ᠠᠴᠠ ᠪᠣᠯᠵᠤ ᠠᠳᠡᠭᠰᠡᠨ ᠬᠦᠮᠦᠨ ᠲᠠᠢ ᠭᠡᠷ ᠪᠦᠯᠢ᠂ ᠭᠡᠷ ᠪᠦᠯᠢ ᠶᠢᠨ ᠪᠦᠷᠢᠯᠳᠦᠭᠦᠨ ᠤ ᠳᠣᠲᠣᠷ᠎ᠠ ᠬᠦᠨᠳᠦ ᠶᠡᠭᠡ ᠡᠪᠡᠳᠴᠢᠨ ᠡᠮᠭᠡᠭ ᠲᠠᠢ ᠪᠤᠶᠤ ᠭᠠᠮᠰᠢᠭ ᠠᠴᠠ ᠪᠣᠯᠵᠤ ᠬᠦᠨᠳᠦ ᠶᠡᠭᠡ ᠰᠢᠷᠬᠠᠲᠤᠵᠤ ᠡᠪᠡᠳᠴᠢᠯᠡᠭᠰᠡᠨ ᠮᠥᠷᠲᠡᠭᠡᠨ ᠠᠮᠢᠳᠤᠷᠠᠯ ᠨᠢ ᠬᠦᠴᠢᠷᠳᠡᠯᠲᠡᠢ ᠭᠡᠷ ᠪᠦᠯᠢ ᠪᠠᠭᠲᠠᠨ᠎ᠠ᠂ ᠠᠪᠤᠷᠠᠨ ᠲᠤᠰᠠᠯᠠᠬᠤ ᠪᠠᠷᠢᠮᠵᠢᠶ᠎ᠠ ᠨᠢ᠄ ᠨᠤᠷᠠᠭᠰᠠᠨ ᠣᠷᠣᠨ ᠰᠠᠭᠤᠴᠠ ᠶᠢ ᠳᠠᠭᠢᠵᠤ ᠪᠠᠶᠢᠭᠤᠯᠬᠤ ᠨᠥᠬᠦᠪᠦᠷᠢ ᠶᠢ ᠡᠷᠦᠬᠡ ᠪᠦᠷᠢ ᠳᠤ 15000 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠡᠪᠳᠡᠭᠳᠡᠭᠰᠡᠨ ᠣᠷᠣᠨ ᠰᠠᠭᠤᠴᠠ ᠶᠢ ᠰᠡᠯᠪᠢᠨ ᠵᠠᠰᠠᠭᠰᠠᠨ ᠡᠷᠦᠬᠡ ᠪᠦᠷᠢ ᠳᠤ 3000 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃    ᠬᠤᠶᠠᠳᠤᠭᠠᠷ ᠲᠥᠷᠥᠯ ᠤᠨ ᠠᠪᠤᠷᠠᠨ ᠲᠤᠰᠠᠯᠠᠬᠤ ᠡᠲᠡᠭᠡᠳ᠄ ᠭᠤᠣᠯ ᠪᠣᠯᠬᠤ ᠬᠥᠳᠡᠯᠮᠦᠷᠢ ᠬᠦᠴᠦᠨ ᠤ ᠭᠤᠷᠪᠠ ᠂ ᠳᠥᠷᠪᠡᠳᠦᠭᠡᠷ ᠳᠡᠰ ᠤᠨ ᠵᠡᠮᠳᠡᠭ ᠭᠡᠷ ᠪᠦᠯᠢ᠂ ᠣᠷᠣᠯᠭ᠎ᠠ ᠪᠠᠭᠠᠲᠠᠢ ᠭᠡᠷ ᠪᠦᠯᠢ᠃ ᠠᠪᠤᠷᠠᠨ ᠲᠤᠰᠠᠯᠠᠬᠤ ᠪᠠᠷᠢᠮᠵᠢᠶ᠎ᠠ ᠎ ᠨᠢ᠄ ᠨᠤᠷᠠᠭᠰᠠᠨ ᠣᠷᠣᠨ ᠰᠠᠭᠤᠴᠠ ᠶᠢ ᠳᠠᠭᠢᠵᠤ ᠪᠠᠶᠢᠭᠤᠯᠬᠤ ᠨᠥᠬᠦᠪᠦᠷᠢ ᠶᠢ ᠡᠷᠦᠬᠡ ᠪᠦᠷᠢ ᠳᠤ 10000 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠡᠪᠳᠡᠷᠡᠵᠦ ᠰᠦᠢᠳᠦᠭᠰᠡᠨ ᠰᠡᠯᠪᠢᠨ ᠵᠠᠰᠠᠬᠤ ᠣᠷᠣᠨ ᠰᠠᠭᠤᠴᠠ ᠶᠢ ᠡᠷᠦᠬᠡ ᠪᠦᠷᠢ ᠳᠤ 2000 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃    ᠭᠤᠷᠪᠠᠳᠤᠭᠠᠷ ᠲᠥᠷᠥᠯ ᠤᠨ ᠠᠪᠤᠷᠠᠨ ᠲᠤᠰᠠᠯᠠᠬᠤ ᠡᠲᠡᠭᠡᠳ᠄ ᠪᠤᠰᠤᠳ ᠨᠤᠷᠠᠵᠤ ᠡᠪᠳᠡᠷᠡᠭᠰᠡᠨ ᠪᠠ ᠡᠪᠳᠡᠷᠡᠵᠦ ᠰᠦᠢᠳᠦᠭᠰᠡᠨ ᠭᠡᠷ ᠪᠠᠶᠢᠰᠢᠩ ᠢ ᠥᠪᠡᠰᠦᠪᠡᠨ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠳᠤ ᠬᠦᠴᠢᠷᠳᠡᠯ ᠲᠠᠢ ᠭᠡᠷ ᠪᠦᠯᠢ ᠶᠢᠨ ᠠᠪᠤᠷᠠᠨ ᠲᠤᠰᠠᠯᠠᠬᠤ ᠪᠠᠷᠢᠮᠵᠢᠶ᠎ᠠ ᠨᠢ᠄ ᠨᠤᠷᠠᠵᠤ ᠤᠨᠠᠭᠰᠠᠨ ᠣᠷᠣᠨ ᠰᠠᠭᠤᠴᠠ ᠶᠢ ᠳᠠᠬᠢᠨ ᠪᠦᠲᠦᠭᠡᠨ ᠪᠠᠶᠢᠭᠤᠯᠬᠤ ᠨᠥᠬᠦᠪᠦᠷᠢ ᠶᠢ ᠡᠷᠦᠬᠡ ᠪᠦᠷᠢ ᠳᠤ 8000 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠡᠪᠳᠡᠷᠡᠵᠦ ᠰᠦᠢᠳᠦᠭᠰᠡᠨ ᠣᠷᠣᠨ ᠰᠠᠭᠤᠴᠠ ᠶᠢ ᠰᠡᠯᠪᠢᠨ  ᠵᠠᠰᠠᠬᠤ ᠨᠦᠬᠦᠪᠦᠷᠢ ᠮᠦᠩᠭᠦ ᠶᠢ ᠡᠷᠦᠬᠡ ᠪᠦᠷᠢ ᠳᠤ 1000 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃    4. ᠭᠠᠩ ᠤᠨ ᠭᠠᠮᠰᠢᠭ ᠠᠴᠠ ᠠᠪᠤᠷᠠᠨ ᠲᠤᠰᠠᠯᠠᠬᠤ᠄ ᠭᠤᠶᠤᠴᠢᠯᠠᠬᠤ᠂ ᠦᠨᠡᠯᠡᠬᠦ᠂ ᠬᠢᠨᠠᠨ ᠬᠠᠷᠭᠤᠭᠤᠯᠬᠤ᠂ ᠵᠠᠷᠯᠠᠨ ᠨᠡᠶᠢᠲᠡᠯᠡᠬᠦ ᠲᠠᠰ ᠳᠠᠷᠠᠭᠠᠯᠠᠯ ᠤᠨ ᠶᠣᠰᠣᠭᠠᠷ᠂ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠡᠯᠡ ᠮᠥᠩᠭᠦ ᠶᠢᠨ ᠶᠡᠷᠦᠩᠬᠡᠢ ᠬᠡᠮᠵᠢᠶ᠎ᠡ ᠶᠢ ᠦᠨᠳᠦᠰᠦᠯᠡᠨ᠂ ᠬᠦᠨᠳᠦ ᠨᠣᠴᠢᠲᠠᠢ ᠭᠠᠩ ᠤᠨ ᠭᠠᠮᠰᠢᠭ ᠲᠤ ᠳᠠᠭᠠᠷᠢᠭᠳᠠᠭᠠᠳ 15 ᠡᠳᠦᠷ ᠠᠴᠠ ᠳᠡᠭᠡᠭᠰᠢ ᠤᠰᠤ ᠤᠮᠳᠠ ᠶᠢᠨ ᠬᠦᠴᠢᠷᠳᠡᠯ ᠲᠠᠢ ᠪᠣᠯᠤᠭᠰᠠᠨ ᠰᠠᠭᠤᠭᠠᠯᠢ ᠠᠷᠠᠳ ᠤᠨ ᠭᠡᠷ ᠪᠦᠯᠢ ᠳᠤ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ ᠲᠥᠷᠥᠯ ᠬᠤᠪᠢᠶᠠᠨ ᠨᠢᠭᠡ ᠤᠳᠠᠭ᠎ᠠ ᠶᠢᠨ ᠴᠢᠨᠠᠷᠲᠠᠢ ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃    ᠨᠢᠭᠡᠳᠦᠭᠡᠷ ᠲᠥᠷᠥᠯ ᠤᠨ ᠪᠠᠷᠢᠮᠵᠢᠶ᠎ᠠ ᠨᠢ ᠬᠥᠮᠥᠨ ᠪᠦᠷᠢ ᠳᠤ ᠳᠤᠮᠳᠠᠴᠢ ᠪᠠᠷ 120 ᠲᠥᠭᠦᠷᠢᠭ ᠠᠴᠠ ᠳᠣᠣᠷ᠎ᠠ ᠪᠠᠶᠢᠵᠤ ᠪᠣᠯᠬᠤ ᠦᠭᠡᠢ᠃    ᠬᠤᠶᠠᠳᠤᠭᠠᠷ ᠲᠥᠷᠥᠯ ᠤᠨ ᠪᠠᠷᠢᠮᠵᠢᠶ᠎ᠠ ᠶᠢ ᠬᠥᠮᠥᠨ ᠪᠦᠷᠢ ᠳᠤ ᠳᠤᠮᠳᠠᠴᠢ ᠪᠠᠷ 100 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠭᠤᠷᠪᠠᠳᠤᠭᠠᠷ ᠲᠥᠷᠥᠯ ᠤᠨ ᠪᠠᠷᠢᠮᠵᠢᠶ᠎ᠠ ᠶᠢ ᠬᠥᠮᠥᠨ ᠪᠦᠷᠢ ᠳᠤ ᠳᠤᠮᠳᠠᠴᠢ ᠪᠠᠷ 80 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃    5. ᠡᠪᠦᠯ ᠬᠠᠪᠤᠷ ᠤᠨ ᠠᠪᠤᠷᠠᠨ ᠲᠤᠰᠠᠯᠠᠯᠲᠠ᠄ ᠭᠤᠶᠤᠴᠢᠯᠠᠬᠤ᠂ ᠦᠨᠡᠯᠡᠬᠦ᠂ ᠬᠢᠨᠠᠨ ᠬᠠᠷᠭᠤᠭᠤᠯᠬᠤ᠂ ᠵᠠᠷᠯᠠᠨ ᠨᠡᠶᠢᠲᠡᠯᠡᠬᠦ ᠠᠯᠬᠤᠮ ᠳᠠᠷᠠᠭ᠎ᠠ ᠶᠣᠰᠣᠭᠠᠷ᠂ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠡᠯᠡ ᠮᠥᠩᠭᠦ ᠶᠢᠨ ᠶᠡᠷᠦᠩᠬᠡᠢ ᠬᠡᠮᠵᠢᠶ᠎ᠡ᠂ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ ᠲᠥᠷᠥᠯ ᠬᠤᠪᠢᠶᠠᠨ ᠨᠥᠬᠦᠪᠦᠷᠢ ᠥᠭᠬᠦ ᠰᠠᠷ᠎ᠠ ᠶᠢ ᠲᠣᠭᠲᠠᠭᠠᠨ᠎ᠠ᠂ ᠨᠥᠬᠦᠪᠦᠷᠢ ᠥᠭᠬᠦ ᠪᠠᠷᠢᠮᠵᠢᠶ᠎ᠠ ᠶᠢ ᠬᠥᠮᠥᠨ ᠪᠦᠷᠢ ᠳᠤᠮᠳᠠᠴᠢ ᠪᠠᠷ ᠰᠠᠷ᠎ᠠ ᠪᠦᠷᠢ 160 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ ︵ᠠᠮᠤ ᠪᠤᠳᠠᠭᠠᠨ ᠤ ᠦᠨ᠎ᠡ ᠪᠠᠷ ᠯᠠᠪᠯᠠᠯᠲᠠ ᠪᠣᠯᠭᠠᠵᠤ ᠪᠤᠳᠤᠪᠠᠯ ᠬᠥᠮᠥᠨ ᠪᠦᠷᠢ 30 ᠵᠢᠩ ᠪᠣᠯᠣᠨ᠎ᠠ︶᠃    ᠨᠢᠭᠡᠳᠦᠭᠡᠷ ᠲᠥᠷᠥᠯ ᠨᠢ ᠭᠠᠮᠰᠢᠭ᠂ ᠡᠪᠡᠳᠴᠢᠨ᠂ ᠵᠡᠮᠳᠡᠭ ᠵᠡᠷᠭᠡ ᠰᠢᠯᠲᠠᠭᠠᠨ ᠠᠴᠠ ᠪᠣᠯᠵᠤ ᠭᠡᠷ ᠪᠦᠯᠢ ᠪᠠᠷ ᠎ ᠢᠶᠠᠨ ᠥᠪᠡᠷ ᠢ ᠪᠠᠨ ᠠᠪᠤᠷᠠᠬᠤ ᠴᠢᠳᠠᠪᠤᠷᠢ ᠦᠭᠡᠢ ᠪᠣᠯᠤᠭᠰᠠᠨ ᠠᠮᠤ ᠬᠦᠨᠡᠰᠦ ᠳᠤᠲᠠᠭᠳᠠᠭᠰᠠᠨ᠂ ᠬᠥᠳᠡᠯᠮᠦᠷᠢ ᠬᠦᠴᠦ ᠳᠤᠲᠠᠭᠳᠠᠭᠰᠠᠨ ᠭᠠᠮᠰᠢᠭᠳᠠᠭᠰᠠᠨ ᠡᠷᠦᠬᠡ ᠶᠢᠨ ᠠᠪᠤᠷᠠᠨ ᠲᠤᠰᠠᠯᠠᠬᠤ ᠬᠤᠭᠤᠴᠠᠭ᠎ᠠ ᠨᠢ 8 ᠰᠠᠷ᠎ᠠ ᠶᠢᠨ ᠳᠣᠲᠣᠷ᠎ᠠ ᠪᠠᠶᠢᠬᠤ ᠬᠡᠷᠡᠭᠲᠡᠢ᠃    ᠬᠤᠶᠠᠳᠤᠭᠠᠷ ᠲᠥᠷᠥᠯ ᠨᠢ ᠲᠤᠬᠠᠢ ᠶᠢᠨ ᠵᠢᠯ ᠤᠨ ᠲᠠᠷᠢᠮᠠᠯ ᠤᠨ ᠬᠤᠷᠢᠶᠠᠯᠲᠠ ᠠᠯᠳᠠᠭᠰᠠᠨ ᠲᠠᠯᠠᠪᠠᠶ ᠨᠢ 80% ᠎ ᠠᠴᠠ ᠳᠡᠭᠡᠭᠰᠢ ︵ᠡᠰᠡᠬᠦᠯ᠎ᠡ ᠮᠠᠯ ᠠᠵᠤ ᠠᠬᠤᠢ ᠶᠢᠨ ᠬᠤᠬᠢᠷᠠᠯ ᠬᠦᠨᠳᠦ ᠨᠣᠴᠢᠲᠠᠢ︶᠂ ᠵᠣᠬᠢᠬᠤ ᠬᠡᠮᠵᠢᠶᠡᠨ ᠤ ᠥᠪᠡᠷ ᠢ ᠪᠠᠨ ᠠᠪᠤᠷᠠᠬᠤ ᠴᠢᠳᠠᠪᠤᠷᠢ ᠲᠠᠢ ᠠᠮᠤ ᠪᠤᠳᠠᠭ᠎ᠠ ᠳᠤᠲᠠᠭᠳᠠᠵᠤ ᠪᠠᠶᠢᠭ᠎ᠠ ᠭᠠᠮᠰᠢᠭᠳᠠᠭᠰᠠᠨ ᠡᠷᠦᠬᠡ ᠶᠢᠨ ᠠᠪᠤᠷᠠᠨ ᠲᠤᠰᠠᠯᠠᠬᠤ ᠬᠤᠭᠤᠴᠠᠭ᠎ᠠ ᠶᠢ 6 ᠰᠠᠷ᠎ᠠ ᠶᠢᠨ ᠳᠣᠲᠣᠷ᠎ᠠ ᠪᠠᠶᠢᠯᠭᠠᠨ᠎ᠠ᠃    ᠭᠤᠷᠪᠠᠳᠤᠭᠠᠷ ᠲᠥᠷᠥᠯ ᠨᠢ ᠲᠤᠬᠠᠢ ᠶᠢᠨ ᠵᠢᠯ ᠤᠨ ᠲᠠᠷᠢᠮᠠᠯ ᠤᠨ ᠬᠤᠷᠢᠶᠠᠯᠲᠠ ᠠᠯᠳᠠᠭᠰᠠᠨ ᠲᠠᠯᠠᠪᠠᠶ ᠨᠢ 50%᠎ ᠠᠴᠠ ᠳᠡᠭᠡᠭᠰᠢ ︵ᠡᠰᠡᠬᠦᠯ᠎ᠡ ᠮᠠᠯ ᠠᠵᠤ ᠠᠬᠤᠢ ᠶᠢᠨ ᠬᠤᠬᠢᠷᠠᠯ ᠨᠡᠯᠢᠶᠡᠳ ᠬᠦᠨᠳᠦ ᠨᠣᠴᠢᠲᠠᠢ︶ ᠪᠠᠶᠢᠪᠠᠯ᠂ ᠨᠡᠯᠢᠶᠡᠳ ᠴᠢᠩᠭ᠎ᠠ ᠥᠪᠡᠷ ᠢ ᠪᠠᠨ ᠠᠪᠤᠷᠠᠬᠤ ᠴᠢᠳᠠᠪᠤᠷᠢ ᠲᠠᠢ ᠠᠮᠤ ᠪᠤᠳᠠᠭ᠎ᠠ ᠳᠤᠲᠠᠭᠳᠠᠵᠤ ᠭᠠᠮᠰᠢᠭᠳᠠᠭᠰᠠᠨ ᠡᠷᠦᠬᠡ ᠶᠢᠨ ᠠᠪᠤᠷᠠᠨ ᠲᠤᠰᠠᠯᠠᠬᠤ ᠬᠤᠭᠤᠴᠠᠭ᠎ᠠ ᠬᠢᠵᠠᠭᠠᠷ ᠢ 3 ᠰᠠᠷ᠎ᠠ ᠶᠢᠨ ᠳᠣᠲᠣᠷ᠎ᠠ ᠪᠠᠶᠢᠯᠭᠠᠨ᠎ᠠ᠃     ︵ᠲᠠᠪᠤ︶ ᠬᠢᠨᠠᠨ ᠬᠠᠷᠭᠤᠭᠤᠯᠬᠤ ᠪᠠᠷ ᠭᠤᠶᠤᠴᠢᠯᠠᠬᠤ     ︽ᠲᠣᠰ ᠬᠥᠮᠥᠨ ᠨᠢ ᠭᠤᠶᠤᠴᠢᠯᠠᠬᠤ᠂ ᠭᠤᠷᠪᠠᠨ ᠱᠠᠲᠤ ᠪᠠᠷ ᠬᠢᠨᠠᠨ ᠲᠣᠭᠲᠠᠭᠠᠬᠤ᠂ ᠬᠤᠶᠠᠷ ᠤᠳᠠᠭ᠎ᠠ ᠢᠯᠡ ᠨᠡᠶᠢᠲᠡᠯᠡᠬᠦ︾ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠦᠨ᠎ᠡ᠃     ︵1︶ ᠬᠤᠪᠢ ᠬᠥᠮᠥᠨ ᠭᠤᠶᠤᠴᠢᠯᠠᠬᠤ᠄ ᠲᠣᠰ ᠬᠥᠮᠥᠨ ᠨᠢ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠳᠤ ᠪᠢᠴᠢᠭ ᠢᠶᠠᠷ ᠭᠤᠶᠤᠴᠢᠯᠠᠨ᠎ᠠ᠂ ᠭᠤᠶᠤᠴᠢᠯᠠᠬᠤ ᠳᠤ ᠬᠦᠴᠢᠷᠲᠡᠢ ᠪᠣᠯ ᠪᠢᠴᠢᠭ ᠤᠨ ᠭᠤᠶᠤᠴᠢᠯᠠᠯ ᠳᠡᠭᠡᠷ᠎ᠡ ᠭᠠᠷ ᠤᠨ ᠥᠰᠥᠭ ᠵᠢᠷᠤᠵᠤ ᠨᠤᠲᠠᠯᠠᠭᠰᠠᠨ ᠤ ᠳᠠᠷᠠᠭ᠎ᠠ ᠭᠠᠴᠠᠭᠠᠨ ᠤ ᠵᠥᠪᠯᠡᠯ ᠠᠴᠠ ᠬᠠᠪᠰᠤᠷᠤᠨ ᠭᠦᠢᠴᠡᠳᠬᠡᠨ᠎ᠡ᠃     ︵2︶ ᠵᠥᠪᠯᠡᠨ ᠬᠢᠨᠠᠨ ᠬᠠᠷᠭᠤᠭᠤᠯᠬᠤ᠄ ᠰᠤᠮᠤ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠵᠤ᠂ ᠲᠣᠰ ᠲᠣᠰ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠵᠤ ᠠᠷᠠᠳᠴᠢᠯᠠᠯ ᠢᠶᠠᠷ ᠵᠥᠪᠯᠡᠨ ᠲᠣᠭᠲᠠᠭᠠᠬᠤ᠂ ᠵᠠᠷᠯᠠᠨ ᠨᠡᠶᠢᠲᠡᠯᠡᠬᠦ᠂ ᠠᠩᠬ᠎ᠠ ᠲᠣᠭᠲᠠᠭᠠᠬᠤ ᠬᠥᠮᠥᠰ ᠤᠨ ᠲᠥᠷᠥᠯ ᠬᠤᠪᠢᠶᠠᠭᠰᠠᠨ ᠨᠡᠷᠡᠰ ᠢ ᠵᠣᠬᠢᠶᠠᠨ ᠪᠠᠶᠢᠭᠤᠯᠤᠨ᠎ᠠ᠃ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠬᠤ᠂ ᠪᠡᠶ᠎ᠡ ᠶᠢᠨ ᠭᠠᠷᠤᠯ ᠢ ᠨᠤᠲᠠᠯᠠᠬᠤ᠂ ᠲᠥᠷᠥᠯ ᠬᠤᠪᠢᠶᠠᠬᠤ᠂ ᠢᠯᠡ ᠨᠡᠶᠢᠲᠡᠯᠡᠬᠦ᠂ ᠳᠡᠭᠡᠭᠰᠢ ᠮᠡᠳᠡᠭᠦᠯᠬᠦ ᠬᠡᠷᠡᠭᠲᠡᠢ᠃     ︵3︶ ᠳᠠᠬᠢᠨ ᠬᠢᠨᠠᠵᠤ ᠲᠣᠭᠲᠠᠭᠠᠨ᠎ᠠ᠄ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠵᠤ᠂ ᠥᠯᠢᠭᠡᠷ ᠠᠪᠴᠤ ᠳᠠᠬᠢᠨ ᠬᠢᠨᠠᠬᠤ ᠶᠢ ᠵᠣᠬᠢᠶᠠᠨ ᠪᠠᠶᠢᠭᠤᠯᠵᠤ᠂ ᠬᠢᠨᠠᠨ ᠲᠣᠭᠲᠠᠭᠠᠬᠤ ᠬᠤᠷᠠᠯ ᠬᠤᠷᠠᠯᠳᠤᠭᠤᠯᠵᠤ ᠰᠤᠳᠤᠯᠤᠨ ᠲᠣᠭᠲᠠᠭᠠᠵᠤ᠂ ᠵᠠᠷᠯᠠᠨ ᠨᠡᠶᠢᠲᠡᠯᠡᠨ᠎ᠡ᠃     ︵ᠵᠢᠷᠭᠤᠭ᠎ᠠ︶ ᠳᠠᠩᠰᠠ ᠡᠪᠬᠡᠮᠡᠯ ᠪᠠᠶᠢᠭᠤᠯᠬᠤ    1. ᠰᠤᠮᠤ ᠪᠠᠯᠭᠠᠰᠤᠨ ᠤ ᠵᠠᠰᠠᠭ ᠤᠨ ᠣᠷᠳᠣᠨ ᠳᠤ᠄    ① ︽ᠪᠠᠶᠢᠭᠠᠯᠢ ᠶᠢᠨ ᠭᠠᠢ ᠭᠠᠮᠰᠢᠭ ᠤᠨ ᠠᠮᠢᠳᠤᠷᠠᠯ ᠤᠨ ᠠᠪᠤᠷᠠᠨ ᠲᠤᠰᠠᠯᠠᠭᠤᠯᠬᠤ ᠭᠤᠶᠤᠴᠢᠯᠠᠯ︾᠃    ② ᠭᠠᠴᠠᠭ᠎ᠠ ᠲᠣᠰᠬᠤᠨ ᠤ ︽ᠠᠷᠠᠳᠴᠢᠯᠠᠯ ᠢᠶᠠᠷ ᠦᠨᠡᠯᠡᠬᠦ ᠬᠤᠷᠠᠯ᠂ ᠵᠠᠷᠯᠠᠨ ᠨᠡᠶᠢᠲᠡᠯᠡᠭᠰᠡᠨ ᠲᠡᠮᠳᠡᠭᠯᠡᠯ ᠪᠠ ᠠᠩᠬ᠎ᠠ ᠰᠢᠯᠭᠠᠷᠠᠭᠤᠯᠬᠤ ᠬᠥᠮᠥᠰ ᠤᠨ ᠨᠡᠷᠡᠰ︾᠃    ③ ᠰᠤᠮᠤ ᠰᠢᠶᠠᠩ ᠪᠠᠯᠭᠠᠰᠤᠨ ᠤ ︽ᠠᠪᠤᠷᠠᠨ ᠲᠤᠰᠠᠯᠠᠬᠤ ᠴᠢᠬᠤᠯᠠᠲᠠᠢ ᠬᠥᠮᠥᠨ ᠠᠮᠠ ᠶᠢᠨ ᠲᠠᠩᠰᠠ︾᠃    2 .ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄   ① ︽ᠣᠨ ᠤ ᠠᠪᠤᠷᠠᠨ ᠲᠤᠰᠠᠯᠠᠬᠤ ᠴᠢᠬᠤᠯᠠᠲᠠᠢ ᠬᠥᠮᠥᠨ ᠠᠮᠠ ᠶᠢᠨ ᠡᠬᠡ ᠲᠠᠩᠰᠠ︾᠃   ② ︽**** ᠭᠠᠮᠰᠢᠭ ᠲᠤ ᠳᠠᠭᠠᠷᠢᠭᠳᠠᠭᠰᠠᠨ ᠬᠥᠮᠥᠰ ᠢ ᠠᠪᠤᠷᠠᠨ ᠲᠤᠰᠠᠯᠠᠵᠤ ᠬᠢᠨᠠᠨ ᠲᠣᠭᠲᠠᠭᠠᠬᠤ ᠬᠤᠷᠠᠯ ᠪᠠ ᠵᠠᠷᠯᠠᠨ ᠨᠡᠶᠢᠲᠡᠯᠡᠭᠰᠡᠨ ᠲᠡᠮᠳᠡᠭᠯᠡᠯ︾᠃   ③ ᠪᠦᠭᠦ ᠬᠤᠰᠢᠭᠤᠨ ᠤ ︽ᠭᠠᠮᠰᠢᠭ ᠲᠤ ᠳᠠᠭᠠᠷᠢᠭᠳᠠᠭᠰᠠᠨ ᠬᠥᠮᠥᠰ ᠢ ᠠᠪᠤᠷᠠᠨ ᠲᠤᠰᠠᠯᠠᠬᠤ ᠨᠡᠷ᠎ᠡ ᠶᠢᠨ ᠪᠦᠷᠢᠳᠬᠡᠯ︾᠃   ④ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠵᠢᠴᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠪᠢᠴᠢᠭ ᠮᠠᠲ᠋ᠧᠷᠢᠶᠠᠯ ᠲᠠᠷᠬᠠᠭᠠᠬᠤ ᠪᠠᠷ ᠭᠤᠶᠤᠴᠢᠯᠠᠬᠤ᠃ ︵ᠳᠣᠯᠤᠭ᠎ᠠ︶ ᠣᠯᠭᠤᠬᠤ ᠴᠠᠭ ᠤᠨ ᠬᠢᠵᠠᠭᠠᠷ   1. ᠣᠯᠭᠤᠬᠤ ᠱᠠᠭᠠᠷᠳᠠᠯᠭ᠎ᠠ᠄   ① ᠬᠤᠰᠢᠭᠤᠨ ᠤ ᠡᠳ᠋ ᠤᠨ ᠵᠠᠰᠠᠭ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠰᠤᠮᠤ ᠪᠠᠯᠭᠠᠰᠤᠨ ᠤ ᠵᠠᠰᠠᠭ ᠤᠨ ᠣᠷᠳᠣᠨ ᠳᠤ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠰᠢᠭᠤᠳ ᠪᠠᠭᠤᠯᠭᠠᠵᠤ ᠪᠣᠯᠬᠤ ᠦᠭᠡᠢ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠶᠠᠮᠠᠷᠪᠠ ᠲᠣᠬᠤᠨᠢᠭᠤᠯᠬᠤ ᠠᠵᠢᠯᠯᠠᠭ᠎ᠠ ᠳᠤ ᠬᠡᠷᠡᠭᠯᠡᠵᠦ ᠪᠣᠯᠬᠤ ᠦᠭᠡᠢ᠃   ② ᠠᠵᠢᠯ ᠤᠨ ᠵᠠᠷᠤᠳᠠᠯ ᠪᠠ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠵᠦᠢᠯᠡᠰ ᠤᠨ ᠲᠤᠰᠬᠠᠢ ᠵᠦᠢᠯ ᠤᠨ ᠰᠠᠯᠭᠠᠨ ᠥᠭᠬᠦ ᠵᠣᠭᠤᠰ ᠠᠴᠠ ᠭᠠᠳᠠᠨ᠎ᠠ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠴᠥᠮ ︽ᠪᠦᠬᠦᠨ ᠳᠤ ᠲᠣᠬᠢᠷᠠᠬᠤ ᠺᠠᠷᠲ︾᠎ ᠢᠶᠠᠷ ᠰᠢᠭᠤᠳ ᠡᠷᠦᠬᠡ ᠳᠤ ᠥᠭᠭᠦᠨ᠎ᠡ᠃    ③ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠲᠠ ᠪᠠ ᠭᠡᠷ ᠪᠦᠯᠢ ᠶᠢᠨ ᠬᠢᠨ ᠢ ᠲᠣᠬᠤᠨᠢᠭᠤᠯᠬᠤ ᠵᠡᠷᠭᠡ ᠣᠨᠴᠠᠭᠠᠶ ᠪᠠᠶᠢᠳᠠᠯ ᠠᠴᠠ ᠪᠣᠯᠵᠤ ᠪᠡᠯᠡᠨ ᠮᠥᠩᠭᠦ ᠥᠭᠬᠦ ᠴᠢᠬᠤᠯᠠᠲᠠᠢ ᠪᠠᠶᠢᠪᠠᠯ᠂ ᠡᠳ᠋ ᠤᠨ ᠵᠠᠰᠠᠭ ᠠᠴᠠ ᠲᠤᠰᠬᠠᠢ ᠵᠦᠢᠯ ᠢᠶᠠᠷ ᠵᠣᠭᠤᠰ ᠰᠠᠯᠭᠠᠨ ᠥᠭᠴᠦ᠂ ︽ᠭᠤᠷᠪᠠ ᠶᠢ ᠬᠤᠯᠪᠣᠭᠠᠳ ᠳᠠᠩᠰᠠᠨ ᠳᠤ ᠣᠷᠣᠭᠤᠯᠬᠤ︾᠎ ᠶᠢ ᠭᠦᠢᠴᠡᠳᠬᠡᠨ᠎ᠡ᠂ ᠲᠤᠰ ᠬᠥᠮᠥᠨ ᠨᠢ ᠭᠠᠷ ᠤᠨ ᠦᠰᠦᠭ ᠵᠢᠷᠤᠬᠤ ᠭᠠᠷ ᠭᠦᠢᠴᠡᠳᠬᠡᠯ ᠢᠶᠠᠨ ᠠᠪᠤᠨ᠎ᠠ᠂ ᠣᠷᠣᠯᠠᠨ ᠠᠪᠴᠤ ᠣᠷᠣᠯᠠᠨ ᠭᠦᠢᠴᠡᠳᠬᠡᠬᠦ ᠶᠢ ᠴᠢᠩᠭ᠎ᠠ ᠴᠠᠭᠠᠵᠠᠯᠠᠨ᠎ᠠ᠃   2. ᠣᠯᠭᠤᠬᠤ ᠴᠠᠭ ᠤᠨ ᠬᠢᠵᠠᠭᠠᠷ᠄    ① ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠪᠡᠯᠡ ᠮᠥᠩᠭᠦ ᠶᠢ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠳᠤ ︽ᠪᠦᠬᠦᠨ ᠳᠤ ᠲᠣᠬᠢᠷᠠᠬᠤ ᠺᠠᠷᠲ︾᠎ ᠤᠨ ᠭᠡᠷ ᠪᠦᠯᠢ ᠶᠢᠨ ᠲᠠᠩᠰᠠᠨ ᠡᠷᠦᠬᠡ ᠳᠤ ᠣᠷᠣᠭᠤᠯᠬᠤ ᠶᠢ ᠪᠠᠲᠤᠯᠠᠨ᠎ᠠ︔    ② ᠭᠡᠷ ᠪᠦᠯᠢ ᠶᠢᠨ ᠬᠢᠨ ᠢ ᠲᠣᠬᠤᠨᠢᠭᠤᠯᠬᠤ ᠪᠡᠯᠡ ᠮᠥᠩᠭᠦ ᠶᠢ ᠭᠠᠮᠰᠢᠭ ᠠᠴᠠ ᠪᠣᠯᠵᠤ‌ᠠᠳᠡᠭᠰᠡᠨ ᠬᠡᠷᠡᠭ ᠭᠠᠷᠤᠭᠰᠠᠨ ᠤ ᠳᠠᠷᠠᠭᠠᠬᠢ 5 ᠠᠵᠢᠯᠯᠠᠬᠤ ᠡᠳᠦᠷ ᠤᠨ ᠳᠣᠲᠣᠷ᠎ᠠ ︽ᠪᠦᠬᠦᠨ ᠳᠤ ᠲᠣᠬᠢᠷᠠᠬᠤ ᠺᠠᠷᠲ︾᠎ ᠤᠨ ᠭᠡᠷ ᠪᠦᠯᠢ ᠶᠢᠨ ᠲᠠᠩᠰᠠᠨ ᠡᠷᠦᠬᠡ ᠳᠤ ᠣᠷᠣᠭᠤᠯᠤᠨ᠎ᠠ  ᠃   ᠭᠤᠷᠪᠠ᠂ ᠰᠢᠯᠵᠢᠯᠲᠡ ᠶᠢᠨ ᠴᠢᠨᠠᠷᠲᠠᠢ ᠲᠥᠪᠬᠢᠨᠡᠭᠦᠯᠬᠦ᠂ ᠭᠠᠩ ᠤᠨ ᠭᠠᠮᠰᠢᠭ ᠠᠴᠠ ᠠᠪᠤᠷᠠᠨ ᠲᠤᠰᠠᠯᠠᠬᠤ᠂ ᠡᠪᠦᠯ ᠬᠠᠪᠤᠷ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠭᠥᠯᠢᠶᠡᠨ ᠠᠪᠤᠭᠰᠠᠨ ᠤ ᠳᠠᠷᠠᠭ᠎ᠠ 15 ᠠᠵᠢᠯᠯᠠᠬᠤ ᠡᠳᠦᠷ ᠤᠨ ᠳᠣᠲᠣᠷ᠎ᠠ ︽ᠪᠦᠬᠦᠨ ᠳᠤ ᠲᠣᠬᠢᠷᠠᠬᠤ ᠺᠠᠷᠲ︾᠎ ᠤᠨ ᠭᠡᠷ ᠪᠦᠯᠢ ᠶᠢᠨ ᠲᠠᠩᠰᠠᠨ ᠡᠷᠦᠬᠡ ᠳᠤ ᠣᠷᠣᠭᠤᠯᠤᠨ᠎ᠠ᠃   ᠳᠥᠷᠪᠡ᠂ ᠰᠡᠷᠭᠦᠭᠡᠨ ᠳᠠᠬᠢᠨ ᠪᠠᠶᠢᠭᠤᠯᠬᠤ ᠨᠥᠬᠦᠪᠦᠷᠢ ᠶᠢᠨ ᠪᠡᠯᠡ ᠮᠥᠩᠭᠦ ᠶᠢ ᠵᠣᠬᠢᠬᠤ ᠠᠵᠢᠯ ᠤᠨ ᠳᠦᠷᠢᠮ ᠤᠨ ᠱᠠᠭᠠᠷᠳᠠᠯᠭ᠎ᠠ ᠶᠣᠰᠣᠭᠠᠷ ᠰᠡᠷᠭᠦᠭᠡᠨ ᠳᠠᠬᠢᠨ ᠪᠠᠶᠢᠭᠤᠯᠬᠤ ᠶᠢ ᠬᠢᠨᠠᠨ ᠬᠠᠷᠭᠤᠭᠤᠯᠵᠤ ᠨᠡᠶᠢᠲᠡᠯᠡᠭᠰᠡᠨ ᠤ ᠳᠠᠷᠠᠭ᠎ᠠ᠂ 15 ᠠᠵᠢᠯᠯᠠᠬᠤ ᠡᠳᠦᠷ ᠤᠨ ᠳᠣᠲᠣᠷ᠎ᠠ ︽ᠪᠦᠬᠦᠨ ᠳᠤ ᠲᠣᠬᠢᠷᠠᠬᠤ ᠺᠠᠷᠲ︾᠎ ᠤᠨ ᠭᠡᠷ ᠪᠦᠯᠢ ᠶᠢᠨ ᠲᠠᠩᠰᠠᠨ ᠡᠷᠦᠬᠡ ᠳᠤ ᠰᠢᠯᠵᠢᠭᠦᠯᠦᠨ ᠣᠷᠣᠭᠤᠯᠤᠨ᠎ᠠ᠃     ᠬᠤᠰᠢᠭᠤ ᠲᠠᠰ ᠤᠨ ᠪᠠᠶᠢᠭᠠᠯᠢ ᠶᠢᠨ ᠭᠠᠮᠰᠢᠭ ᠤᠨ ᠠᠮᠢᠳᠤᠷᠠᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠭᠥᠷᠳᠡᠵᠦ ᠪᠠᠶᠢᠭ᠎ᠠ ᠠᠪᠤᠷᠠᠨ ᠲᠤᠰᠠᠯᠠᠬᠤ ᠡᠲᠡᠭᠡᠳ ᠨᠢ ᠳᠡᠭᠡᠳᠦ ᠱᠠᠲᠤᠨ ᠤ ᠪᠠᠶᠢᠭᠠᠯᠢ ᠶᠢᠨ ᠭᠠᠮᠰᠢᠭ ᠤᠨ ᠠᠪᠤᠷᠠᠨ ᠲᠤᠰᠠᠯᠠᠯᠲᠠ ᠶᠢ ᠬᠠᠮᠲᠤ ᠳᠤᠨᠢ ᠭᠤᠶᠤᠴᠢᠯᠠᠵᠤ ᠪᠣᠯᠣᠨ᠎ᠠ᠃ ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ︽ᠪᠠᠷᠠᠭᠤᠨ ᠦᠵᠦᠮᠦᠴᠢᠨ ᠬᠤᠰᠢᠭᠤᠨ ᠤ ᠪᠠᠶᠢᠭᠠᠯᠢ ᠶᠢᠨ ᠭᠠᠮᠰᠢᠭ ᠤᠨ ᠠᠮᠢᠳᠤᠷᠠᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠪᠠᠷᠠᠭᠤᠨ ᠵᠠᠰᠠᠭ ᠠᠯᠪᠠᠨ ᠲᠠᠷᠬᠠᠭᠠᠭᠰᠠᠨ ﹇2021﹈ 83 ᠳ᠋ᠤᠭᠠᠷ ᠲᠣᠭᠠᠲᠤ︶᠎ ᠶᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃      ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                  2023 ᠣᠨ ᠤ 11ᠰᠠᠷ᠎ᠠ ᠳᠤ ᠳᠠᠷᠤᠮᠠᠯᠯᠠᠨ ᠲᠠᠷᠡᠬᠠᠭᠠᠪᠠ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号