ᠪᠠᠷᠠᠭᠤᠨ ᠦᠵᠦᠮᠦᠴᠢᠨ ᠬᠤᠰᠢᠭᠤᠨ ᠤ 2023 ᠣᠨ ᠤ ᠦᠢᠯᠡᠴᠢᠯᠡᠭᠡᠨ ᠤ ᠦᠢᠯᠡᠰ ᠤᠨ ᠪᠦᠷᠢᠳᠬᠡᠯ ᠲᠤᠭ᠎ᠠ
ᠨᠡᠶᠢᠲᠡᠯᠡᠭᠰᠡᠨ ᠴᠠᠭ᠄
2024/4/22
     ᠪᠥᠬᠦ ᠵᠢᠯ ᠤᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ 2.49 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 7.0% ᠎ ᠪᠠᠷ ᠨᠡᠮᠡᠭᠳᠡᠪᠡ᠃ ᠵᠠᠮ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠨᠡᠮᠡᠭᠳᠡᠯ ᠦᠷᠳᠡᠭ ᠢ 5.04 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ 0. 5%᠎ ᠪᠠᠷ ᠨᠡᠮᠡᠭᠳᠡᠭᠦᠯᠪᠡ᠃  ᠬᠤᠨᠣᠭᠯᠠᠬᠤ ᠪᠠ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠥᠷᠲᠡᠭ 1.42 ᠳ᠋ᠦᠩᠰᠢᠭᠤᠷ ᠲᠥᠭᠦᠷᠢᠭ ᠲᠤ ᠬᠦᠷᠴᠦ᠂ 19.0% ᠨᠡᠮᠡᠭᠳᠡᠪᠡ  ᠃ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠦᠷᠳᠡᠭ 2.36 ᠳ᠋ᠦᠩᠰᠢᠭᠤᠷ ᠲᠥᠭᠦᠷᠢᠭ ᠲᠤ ᠬᠦᠷᠴᠦ᠂ 14.2 %᠎ ᠢᠶᠠᠷ ᠨᠡᠮᠡᠭᠳᠡᠪᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ ᠤᠨ ᠨᠡᠮᠡᠭᠳᠡᠯ ᠥᠷᠲᠡᠭ 1.39 ᠳ᠋ᠦᠩᠰᠢᠭᠤᠷ ᠲᠥᠭᠦᠷᠢᠭ ᠲᠤ ᠬᠦᠷᠴᠦ᠂ 17.9%᠎ ᠪᠠᠷ ᠨᠡᠮᠡᠭᠳᠡᠪᠡ᠃ ᠪᠤᠰᠤᠳ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ 14.80 ᠳ᠋ᠦᠩᠰᠢᠭᠤᠷ ᠲᠥᠭᠦᠷᠢᠭ ᠲᠤ ᠬᠦᠷᠴᠦ᠂ 7.7%᠎ ᠪᠠᠷ ᠨᠡᠮᠡᠭᠳᠡᠪᠡ᠃ ᠪᠦᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 25.92 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 7.54%᠎ ᠪᠠᠷ ᠪᠠᠭᠤᠷᠠᠪᠠ᠃      ᠪᠥᠬᠦ ᠵᠢᠯ ᠤᠨ ᠡᠵᠡᠩᠨᠡᠯᠲᠡ ᠶᠢᠨ ᠴᠢᠨᠠᠷᠲᠠᠢ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 3141.57 ᠲᠦᠮᠡᠨ ᠲᠣᠨ ᠳᠤ ᠬᠦᠷᠴᠦ᠂ ᠲᠦᠷᠦᠭᠦᠸ ᠵᠢᠯ ᠤᠨ ᠬᠢ ᠠᠴᠠ 6.0%᠎ ᠪᠠᠷ ᠪᠠᠭᠤᠷᠠᠪᠠ᠂ ᠡᠵᠡᠩᠨᠡᠯᠲᠡ ᠶᠢᠨ ᠴᠢᠨᠠᠷᠲᠠᠢ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ ᠨᠡᠶᠢᠲᠡ 357239.11 ᠲᠦᠮᠡᠨ ᠲᠣᠨ ᠺᠢᠯᠣᠮᠧᠲᠷ ᠲᠤ ᠬᠦᠷᠴᠦ᠂ 6.0%᠎ ᠪᠠᠷ ᠪᠠᠭᠤᠷᠠᠪᠠ︔ ᠡᠵᠡᠩᠨᠡᠯᠲᠡ ᠶᠢᠨ ᠴᠢᠨᠠᠷᠲᠠᠢ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠨᠡᠶᠢᠲᠡ 85.14 ᠲᠦᠮᠡᠨ ᠬᠥᠮᠥᠨ ᠤᠳᠠᠭ᠎ᠠ ᠳᠤ ᠬᠦᠷᠴᠦ᠂ 3.0%᠎ ᠢᠶᠠᠷ ᠪᠠᠭᠤᠷᠠᠪᠠ︔ ᠡᠵᠡᠩᠨᠡᠯᠲᠡ ᠶᠢᠨ ᠴᠢᠨᠠᠷᠲᠠᠢ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ 21089.51 ᠲᠦᠮᠡᠨ ᠬᠥᠮᠥᠨ ᠺᠢᠯᠣᠮᠧᠲᠷ ᠲᠤ ᠬᠦᠷᠴᠦ᠂ 3.0% ᠪᠠᠭᠤᠷᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号