ᠪᠠᠷᠠᠭᠤᠨ ᠦᠵᠦᠮᠦᠴᠢᠨ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠡᠭᠦᠷᠭᠡ ᠲᠤᠰᠢᠶᠠᠯ
ᠨᠡᠶᠢᠲᠡᠯᠡᠭᠰᠡᠨ ᠴᠠᠭ᠄
2024/4/22
    ᠨᠢᠭᠡ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠪᠣᠯ ᠬᠤᠰᠢᠭᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠲᠠᠰ ᠤᠨ ᠪᠠᠶᠢᠭᠤᠯᠤᠯᠭ᠎ᠠ ᠪᠣᠯᠣᠨ᠎ᠠ᠃    ᠬᠤᠶᠠᠷ ᠲᠤ᠂ ᠬᠤᠰᠢᠭᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠨᠢ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠣᠷᠪᠤᠯᠵᠢᠯᠠᠭ᠎ᠠ ᠶᠢᠨ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠤᠨ ᠵᠢᠯᠤᠭᠤᠳᠬᠤ ᠶᠢ ᠬᠠᠷᠢᠭᠤᠴᠠᠨ᠎ᠠ᠃    ︵ᠬᠤᠶᠠᠷ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠰᠠᠭ ᠵᠠᠬᠢᠷᠭ᠎ᠠ ᠪᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠳᠠᠭᠠᠭᠠᠨ ᠭᠦᠢᠴᠡᠳᠬᠡᠨ᠎ᠡ᠃ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠪᠠ ᠭᠦᠢᠴᠡᠳᠬᠡᠬᠦ ᠠᠵᠢᠯ ᠢ ᠬᠠᠷᠢᠭᠤᠴᠠᠨ᠎ᠠ᠃ ᠠᠷᠠᠳ ᠤᠯᠠᠨ ᠤ ᠰᠠᠨᠠᠯ ᠰᠠᠨᠠᠭᠤᠯᠭ᠎ᠠ ᠶᠢ ᠴᠤᠭᠯᠠᠭᠤᠯᠤᠨ᠎ᠠ᠃    ︵ᠭᠤᠷᠪᠠ︶ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠤ ᠰᠢᠯᠵᠢᠭᠦᠯᠦᠨ ᠰᠢᠢᠳᠪᠦᠷᠢᠯᠡᠭᠦᠯᠬᠦ᠂ ᠲᠤᠰᠢᠶᠠᠨ ᠰᠢᠢᠳᠪᠦᠷᠢᠯᠡᠭᠦᠯᠬᠦ  ᠶᠢ ᠬᠠᠷᠢᠭᠤᠴᠠᠵᠤ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠪᠠ ᠵᠠᠬᠢᠳᠠᠯ ᠰᠣᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠪᠠᠳᠠᠨ ᠪᠠᠶᠢᠴᠠᠭᠠᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠤᠨ ᠰᠢᠪᠠᠳᠠᠵᠤ ᠰᠢᠢᠳᠪᠦᠷᠢᠯᠡᠬᠦ ᠶᠢ ᠬᠠᠷᠢᠭᠤᠴᠠᠨ᠎ᠠ᠃     ︵ᠳᠥᠷᠪᠡ︶ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠳᠦᠷᠢᠮ ᠢ ᠲᠣᠭᠲᠠᠭᠠᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ  ᠶᠢ ᠬᠠᠷᠢᠭᠤᠴᠠᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠢ ᠵᠠᠳᠠᠯᠤᠨ ᠰᠢᠨᠵᠢᠯᠡᠵᠦ᠂ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠰᠠᠨᠠᠭᠤᠯᠭ᠎ᠠ ᠭᠠᠷᠭᠠᠬᠤ ᠶᠢ ᠬᠠᠷᠢᠭᠤᠴᠠᠨ᠎ᠠ᠃    ︵ᠲᠠᠪᠤ︶ ᠵᠠᠬᠢᠳᠠᠯ ᠰᠣᠷᠪᠤᠯᠵᠢᠯᠠᠭ᠎ᠠ ᠶᠢᠨ ᠥᠭᠡᠷᠡᠴᠢᠯᠡᠯᠲᠡ ᠶᠢ ᠬᠠᠷᠢᠭᠤᠴᠠᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮᠵᠢᠯ ᠤᠨ ᠴᠢᠨᠠᠷᠲᠠᠢ ᠪᠢᠴᠢᠭ᠂ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ  ᠃    ︵ᠵᠢᠷᠭᠤᠭ᠎ᠠ︶ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠡᠩᠨᠡᠭᠡ ᠶᠢᠨ ᠪᠠᠶᠢᠭᠤᠯᠤᠯᠲᠠ ᠪᠠ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ ᠵᠢᠯᠣᠭᠤᠳᠤᠨ᠎ᠠ᠃    ︵ᠳᠣᠯᠤᠭ᠎ᠠ︶ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠪᠠ ᠭᠠᠳᠠᠭᠠᠳᠤ ᠰᠣᠯᠢᠯᠴᠠᠭ᠎ᠠ ᠶᠢ ᠵᠣᠬᠢᠴᠠᠭᠤᠯᠤᠨ᠎ᠠ᠃    ︵ᠨᠠᠢᠮᠠ︶ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃    ︵ᠶᠢᠰᠦ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠷᠴᠢᠨ ᠲᠣᠭᠤᠷᠢᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠨᠠᠶᠢᠳᠠᠪᠤᠷᠢᠵᠢᠭᠤᠯᠤᠨ᠎ᠠ᠃    ︵ᠠᠷᠪᠠ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠣᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号