ᠪᠦᠬᠦ ᠵᠢᠯ ᠤᠨ ᠠᠵᠤ ᠦᠢᠯᠡᠳᠪᠦᠷᠢ ᠶᠢᠨ ᠪᠦᠬᠦ ᠨᠡᠮᠡᠭᠳᠡᠯ ᠦᠷᠲᠡᠭ ᠲᠦᠷᠦᠭᠦᠦ ᠵᠢᠯ ᠤᠨ ᠬᠢ ᠠᠴᠠ 4.7% ᠪᠠᠷ | ᠨᠡᠮᠡᠭᠳᠡᠪᠡ᠃ ᠡᠭᠦᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 6.5% ᠪᠠᠷ | ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠣᠲᠣᠷ᠎ᠠ᠂ ᠠᠵᠤ ᠠᠬᠤᠢ ᠶᠢᠨ ᠲᠦᠷᠦᠯ | ᠵᠦᠢᠯ ᠢᠶᠠᠷ ᠨᠢ ᠠᠪᠴᠤ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ | ᠦᠷᠳᠡᠭ 0.5% ᠪᠠᠷ ᠨᠡᠮᠡᠭᠳᠡᠵᠦ᠂ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 4.4% ᠪᠠᠷ ᠨᠡᠮᠡᠭᠳᠡᠵᠦ᠂ | ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ | ᠠᠵᠤ ᠠᠬᠤᠶᠢᠯᠠᠯ 47.6% ᠪᠠᠷ ᠨᠡᠮᠡᠭᠳᠡᠪᠡ᠃ ᠲᠥᠷᠥᠯ ᠵᠦᠢᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ 0. | 7% ᠪᠠᠷ ᠨᠡᠮᠡᠭᠳᠡᠵᠦ᠂ ᠦᠢᠯᠡᠳᠬᠦ ᠦᠢᠯᠡᠰ 75.1% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ | ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 9.9% ᠪᠠᠷ ᠨᠡᠮᠡᠭᠳᠡᠪᠡ᠃ | ᠭᠤᠣᠯᠳᠠᠯᠭ᠎ᠠ ᠲᠠᠢ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠨᠡᠭᠦᠷᠡᠰᠦ ᠮᠠᠯᠲᠠᠬᠤ ᠦᠢᠯᠡᠰ 2.0% ᠪᠠᠭᠤᠷᠠᠪᠠ ᠃ | ᠲᠠᠷᠢᠶᠠᠯᠠᠩ ᠤᠨ ᠬᠤᠯᠢᠰᠢᠨ ᠢᠳᠡᠭᠡᠨ ᠤ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ 6.9% ᠪᠠᠷ ᠪᠠᠭᠤᠷᠠᠪᠠ᠃ ᠴᠠᠬᠢᠯᠭᠠᠨ | ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ 4.4% ᠪᠠᠷ ᠨᠡᠮᠡᠭᠳᠡᠪᠡ᠃ | ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠠᠴᠠ ᠦᠵᠡᠪᠡᠯ᠂ ᠨᠡᠭᠦᠷᠡᠰᠦᠨ ᠤ | ᠭᠠᠷᠤᠯᠲᠠ 6153.7 ᠲᠦᠮᠡᠨ ᠲᠣᠨ ᠳᠤ ᠬᠦᠷᠴᠦ᠂ ᠲᠦᠷᠦᠭᠦᠦ ᠵᠢᠯ ᠤᠨ ᠬᠢ ᠠᠴᠠ 1.7% ᠪᠠᠷ ᠨᠡᠮᠡᠭᠳᠡᠪᠡ᠃ | ᠴᠠᠬᠢᠯᠭᠠᠨ ᠭᠠᠷᠭᠠᠬᠤ ᠬᠡᠮᠵᠢᠶ᠎ᠡ 231.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 17. 8% ᠪᠠᠷ ᠨᠡᠮᠡᠭᠳᠡᠪᠡ᠂ | ᠡᠭᠦᠨ ᠤ ᠳᠣᠲᠣᠷ᠎ᠠ ᠭᠠᠯ ᠤᠨ ᠬᠦᠴᠦᠨ ᠤ ᠴᠠᠬᠢᠯᠭᠠᠨ ᠭᠠᠷᠭᠠᠬᠤ ᠬᠡᠮᠵᠢᠶ᠎ᠡ 224.1 ᠳ᠋ᠦᠩᠰᠢᠭᠤᠷ ᠺᠢᠯᠣᠸᠠᠲ ᠴᠠᠭ ᠲᠤ | ᠬᠦᠷᠴᠦ᠂ 18.2% ᠢᠶᠠᠷ ᠨᠡᠮᠡᠭᠳᠡᠪᠡ᠃ ᠰᠢᠨ᠎ᠡ ᠰᠣᠷᠭᠤᠭ᠂ ᠬᠦᠢᠲᠡᠨ ᠢᠶᠠᠷ ᠬᠠᠳᠠᠭᠠᠯᠠᠬᠤ ᠮᠢᠬᠠᠨ ᠤ ᠭᠠᠷᠤᠯᠲᠠ 5346. | 2 ᠲᠣᠨ ᠳᠤ ᠬᠦᠷᠴᠦ᠂ 13.9% ᠪᠠᠷ ᠨᠡᠮᠡᠭᠳᠡᠪᠡ᠃ ᠲᠤᠭᠤᠯᠭᠠᠨ ᠲᠡᠮᠦᠷᠯᠢᠭ ᠤᠨ ᠭᠠᠷᠤᠯᠲᠠ 1.1 ᠲᠦᠮᠡᠨ ᠲᠣᠨ ᠳᠤ | ᠬᠦᠷᠴᠦ᠂ 18.8% ᠪᠠᠷ ᠪᠠᠭᠤᠷᠠᠪᠠ︔ ᠴᠠᠶᠢᠷ ᠲᠡᠮᠦᠷᠯᠢᠭ ᠤᠨ ᠭᠠᠷᠤᠯᠲᠠ ᠶᠢ 2.5 ᠲᠦᠮᠡᠨ ᠲᠣᠨ ᠳᠤ ᠬᠦᠷᠭᠡᠵᠦ᠂ 3. | 2% ᠢᠶᠠᠷ ᠨᠡᠮᠡᠭᠳᠡᠪᠡ᠃ |