ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ 85 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/23
    4 ᠰᠠᠷ᠎ᠠ ᠶᠢᠨ 15᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠮᠥᠩᠭᠦᠨᠱᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ 85 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ 3 ᠰᠠᠷ᠎ᠠ ᠶᠢᠨ 29᠎ ᠤ ᠡᠳᠦᠷ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠪᠥᠬᠦ ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ︽ᠪᠥᠬᠦ ᠬᠤᠰᠢᠭᠤᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾᠎ ᠢ ᠬᠢᠨᠠᠨ ᠶᠠᠷᠢᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠬᠢᠨ 3 ᠰᠠᠷ᠎ᠠ ᠶᠢᠨ 29᠎ ᠤ ᠡᠳᠦᠷ ᠬᠤᠷᠠᠯᠳᠤᠭᠰᠠᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠠᠬᠢᠭᠤᠯᠬᠤ ᠬᠡᠷᠡᠭᠲᠡᠢ᠃ ᠡᠷᠬᠡ ᠪᠣᠯᠣᠨ ᠬᠠᠷᠢᠭᠤᠴᠠᠯᠭ᠎ᠠ ᠶᠢ ᠴᠢᠩᠭ᠎ᠠ ᠠᠩᠬᠠᠷᠴᠤ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠬᠤᠰᠢᠭᠤ ᠨᠠᠮ ᠤᠨ ᠬᠤᠷᠢᠶᠠᠨ ᠤ ᠡᠯ᠎ᠡ ᠲᠦᠷᠦᠯ ᠤᠨ ᠠᠵᠢᠯ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ ᠴᠠᠭᠳᠠᠨ ᠪᠠᠶᠢᠴᠠᠭᠠᠬᠤ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠤ᠂ ᠴᠢᠳᠠᠪᠤᠷᠢ ᠶᠢᠨ ᠪᠠᠶᠢᠭᠤᠯᠤᠯᠲᠠ ᠶᠢ ᠳᠣᠪᠣᠶᠢᠯᠭᠠᠨ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠨᠤᠯ ᠤᠨ ᠲᠦᠪᠰᠢᠨ ᠥᠨᠳᠥᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠴᠢᠩᠭ᠎ᠠ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠴᠢᠩᠭ᠎ᠠ ᠴᠠᠭᠳᠠᠨ ᠪᠠᠶᠢᠴᠠᠭᠠᠬᠤ ᠲᠡᠮᠦᠷ ᠴᠡᠷᠢᠭ ᠢ ᠪᠠᠶᠢᠭᠤᠯᠬᠤ ᠬᠡᠷᠡᠭᠲᠡᠢ ᠭᠡᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠮᠠᠨᠳᠤᠭᠤᠯᠬᠤ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠂ ᠠᠮᠢ ᠠᠬᠤᠢ ᠶᠢ ᠲᠡᠷᠢᠭᠦᠨ ᠳᠤ ᠲᠠᠯᠪᠢᠭᠰᠠᠨ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ ᠭᠡᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤ ᠪᠠᠷ ᠢᠶᠠᠨ ᠲᠣᠰ ᠤᠳᠠᠭᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠠ ᠲᠣᠬᠢᠶᠠᠯ ᠢ ᠭᠦᠢᠴᠡᠳ ᠠᠰᠢᠭᠯᠠᠨ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠴᠢᠬᠤᠯᠠ ᠴᠢᠨᠠᠷ ᠪᠠ ᠨᠠᠮ ᠤᠨ ᠰᠠᠬᠢᠯᠭ᠎ᠠ ᠪᠠᠲᠤ ᠶᠢ ᠤᠮᠳᠤᠭᠠᠶᠢᠯᠠᠭᠰᠠᠨ᠂ ᠨᠠᠮ ᠤᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠤᠨ ᠬᠤᠣᠷ ᠬᠥᠨᠥᠭᠡᠯᠳᠦ ᠴᠢᠨᠠᠷ ᠤᠨ ᠲᠤᠬᠠᠢ ᠲᠠᠨᠢᠯᠲᠠ ᠪᠠᠨ ᠤᠯᠠᠮ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾᠎ ᠢ ᠰᠢᠰᠲ᠋ᠧᠮ ᠲᠠᠢ ᠣᠶᠢᠯᠠᠭᠠᠬᠤ᠂ ᠭᠦᠨᠵᠡᠭᠡᠢ ᠦᠢᠯᠡᠳᠦᠯᠭᠡᠵᠢᠭᠦᠯᠬᠦ ᠳᠡᠭᠡᠷ᠎ᠡ ᠬᠦᠴᠦ ᠲᠠᠯᠪᠢᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠲᠣᠳᠣᠷᠬᠠᠶᠢᠯᠠᠨ᠂ ᠦᠵᠡᠯ ᠰᠠᠨᠠᠭ᠎ᠠ ᠦᠢᠯᠡ ᠠᠵᠢᠯᠯᠠᠭ᠎ᠠ ᠶᠢ ᠎ ᠨᠢ ᠲᠥᠪ ᠪᠣᠯᠭᠠᠬᠤ ᠬᠡᠷᠡᠭᠲᠡᠢ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠨ ᠪᠠᠶᠢᠳᠠᠯ ᠳᠤ ᠲᠣᠬᠢᠷᠠᠭᠤᠯᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠣᠳᠠᠲᠠᠢ ᠪᠥᠭᠡᠳ ᠨᠠᠷᠢᠨ ᠠᠳᠬᠤᠵᠤ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号